ᠯᠢᠦ ᠬᠠᠶ ᠴᠢᠤᠸᠠᠨ ᠳᠥᠷᠪᠡᠳ ᠬᠤᠰᠢᠭᠤᠨ ᠳᠤ ᠬᠦᠷᠴᠦ ︽ᠠᠷᠠᠳ ᠤᠨ ᠵᠢᠱᠢᠶᠡᠴᠢ︾ ᠲᠦᠬᠢᠮ᠎ᠡ ᠶᠢ ᠪᠣᠯᠭᠤᠭᠠᠨ ᠲᠣᠬᠤᠨᠢᠭᠤᠯᠤᠭᠰᠠᠨ ᠤ ᠬᠠᠮᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/3
    3 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠯᠢᠦ ᠬᠠᠶ ᠴᠢᠤᠸᠠᠨ ᠳᠥᠷᠪᠡᠳ ᠬᠤᠰᠢᠭᠤᠨ ᠳᠤ ᠬᠦᠷᠴᠦ ︽ᠠᠷᠠᠳ ᠤᠨ ᠵᠢᠱᠢᠶᠡᠴᠢ︾ ᠲᠦᠬᠢᠮ᠎ᠡ ᠨᠠᠰᠤᠲᠠᠨ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠠᠵᠤ ᠠᠬᠤᠶᠢᠯᠠᠯ ᠤᠨ ᠠᠵᠢᠯᠯᠠᠭᠠᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠶᠤᠯᠭᠦᠶ ᠦᠢᠯᠡᠳᠪᠦᠷᠢᠯᠡᠯ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠠᠵᠢᠯ ᠢ ᠪᠠᠶᠢᠴᠠᠭᠠᠨ ᠰᠤᠳᠤᠯᠪᠠ᠃     ︽ᠡᠵᠢ ᠲᠠ ᠰᠠᠶᠢᠨ ᠪᠠᠶᠢᠨ᠎ᠠ ᠤᠤ︖︾ ᠭᠡᠵᠦ ᠲᠦᠬᠢᠮ᠎ᠡ ᠨᠠᠰᠤᠲᠠᠨ ᠢ ᠣᠯᠵᠤ ᠦᠵᠡᠮᠡᠭᠴᠡ ᠯᠢᠦ ᠬᠠᠶ ᠴᠢᠤᠸᠠᠨ ᠳᠣᠲᠣᠨᠣ ᠪᠠᠷ ᠠᠰᠠᠭᠤᠵᠤ᠂ ᠨᠠᠰᠤᠲᠠᠨ ᠤ ᠡᠷᠡᠭᠦᠯ ᠮᠡᠨᠳᠦ ᠪᠠ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠪᠠ᠃ ᠲᠦᠬᠢᠮ᠎ᠡ ᠨᠠᠰᠤᠲᠠᠨ ᠮᠠᠷᠲᠠᠭᠳᠠᠰᠢ ᠦᠭᠡᠢ ᠣᠨ ᠵᠢᠯ ᠢ ᠡᠷᠭᠢᠴᠡᠭᠦᠯᠦᠨ ᠪᠣᠳᠣᠵᠤ᠂ ᠰᠡᠳᠭᠢᠯ ᠳᠣᠭᠳᠣᠯᠤᠨ ᠳᠡᠷᠭᠡᠳᠡᠬᠢ ᠰᠢᠨ᠎ᠡ ᠬᠤᠪᠢᠷᠠᠯᠲᠠ ᠶᠢ ᠶᠠᠷᠢᠪᠠ᠃ ᠯᠢᠦ ᠬᠠᠢ ᠴᠢᠤᠸᠠᠨ ᠲᠦᠬᠢᠮ᠎ᠡ ᠨᠠᠰᠤᠲᠠᠨ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠪᠡ᠃ ᠲᠡᠷᠡ᠂ ᠲᠠ ᠪᠣᠯ ︽ᠠᠷᠠᠳ ᠲᠦᠮᠡᠨ ᠤ ᠵᠢᠱᠢᠶᠡᠴᠢ︾ ︽ᠲᠠᠯ᠎ᠠ ᠨᠤᠲᠤᠭ ᠤᠨ ᠡᠵᠢ︾ ᠮᠥᠨ᠂ ᠤᠯᠤᠰ ᠲᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠶᠤᠮ᠂ ᠡᠨᠡ ᠪᠣᠯ ᠪᠢᠳᠡᠨ ᠤ ᠰᠤᠷᠤᠯᠴᠠᠬᠤ ᠳᠠᠭᠤᠷᠢᠶᠠᠯ ᠮᠥᠨ᠂ ᠥᠪᠥᠷ ᠮᠣᠩᠭᠤᠯ ᠤᠨ ᠣᠮᠣᠭᠰᠢᠯ ᠮᠥᠨ᠂ ᠪᠢᠳᠡᠨ ᠤ ᠨᠠᠩ ᠢᠯᠡᠭᠦᠤ ᠴᠢᠷᠮᠠᠶᠢᠨ ᠠᠵᠢᠯᠯᠠᠵᠤ᠂ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠵᠤ ᠪᠠᠶᠢᠨ᠎ᠠ ᠭᠡᠵᠦ ᠬᠡᠯᠡᠪᠡ᠃     ᠯᠢᠦ ᠬᠠᠢ ᠴᠢᠤᠸᠠᠨ ᠶᠦᠩ ᠾᠧ ᠹᠯᠣᠷ ᠬᠢᠮᠢ ᠶᠢᠨ ᠠᠵᠤ ᠦᠢᠯᠡᠳᠪᠦᠷᠢ᠂ ᠵᠢᠢ ᠵᠦᠩ ᠰᠢᠨ᠎ᠡ ᠡᠨᠧᠷᠭᠢ᠂ ᠵᠦᠩ ᠵᠢᠶᠠ ᠲᠠᠷᠢᠶᠠᠯᠠᠩ ᠵᠡᠷᠭᠡ ᠠᠵᠤ ᠠᠬᠤᠶᠢᠯᠠᠯ ᠪᠣᠯᠤᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠠᠵᠤ ᠠᠬᠤᠶᠢᠯᠠᠯ ᠤᠨ ᠡᠵᠡᠩᠨᠡᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠪᠠᠷᠢᠯᠭ᠎ᠠ ᠶᠢᠨ ᠰᠢᠵᠢᠷ ᠠᠯᠳᠠᠨ ᠬᠤᠭᠤᠴᠠᠭ᠎ᠠ ᠶᠢ ᠠᠮᠵᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠬᠦ ᠶᠢ ᠵᠣᠷᠢᠭᠵᠢᠭᠤᠯᠪᠠ᠃ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠬᠦᠴᠦ ᠣᠷᠣᠭᠤᠯᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠲᠠᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠶ᠃ ᠨᠢᠭᠡᠳᠦᠭᠡᠷ ᠹᠷᠣᠨᠲ ᠲᠤ ᠬᠦᠷᠴᠦ᠂ ᠲᠠᠷᠢᠶᠠᠯᠠᠬᠤ ᠴᠠᠭ ᠢ ᠠᠮᠵᠢᠨ ᠠᠳᠬᠤᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃     ᠲᠤᠬᠠᠶ ᠶᠢᠨ ᠲᠠᠯᠠᠪᠤᠷ ᠲᠤ ᠠᠵᠢᠯᠯᠠᠬᠤ ᠬᠤᠷᠠᠯ ᠳᠡᠭᠡᠷ᠎ᠡ᠂ ᠳᠥᠷᠪᠡᠳ ᠬᠤᠰᠢᠭᠤᠨ ᠤ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠯᠢᠦ ᠬᠠᠶ ᠴᠢᠤᠸᠠᠨ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠬᠠᠷᠠᠯᠲᠠ ᠡᠭᠦᠷᠭᠡ ᠪᠠᠨ ᠲᠣᠭᠲᠠᠭᠠᠵᠤ᠂ ᠰᠢᠯᠭᠠᠯᠲᠠ ᠲᠤᠰᠢᠶᠠᠬᠤ ᠤᠬᠠᠮᠰᠠᠷ᠂ ᠲᠠᠩᠰᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠲᠡᠮᠡᠴᠡᠯ ᠤᠨ ᠵᠣᠷᠢᠭ ᠢᠶᠠᠨ ᠪᠠᠲᠤᠳᠬᠠᠨ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠲᠦᠷᠦᠭᠦᠤ ᠤᠯᠠᠷᠢᠯ ᠤᠨ ︽ᠰᠠᠶᠢᠨ ᠡᠬᠢᠯᠡᠯᠲᠡ︾ ᠶᠢ ᠪᠥᠬᠦ ᠬᠦᠴᠦᠨ ᠢᠶᠠᠷ ᠢᠶᠠᠨ ᠰᠢᠪᠲᠤᠯᠵᠤ᠂ ︽ᠤᠯᠠᠷᠢᠯ  ᠪᠦᠬᠦᠨ ᠳᠤ ᠰᠠᠶᠢᠨ ᠪᠠᠶᠢᠬᠤ︾ ︽ᠪᠥᠬᠦ ᠵᠢᠯ ᠳᠤ ᠰᠠᠶᠢᠨ ᠪᠠᠶᠢᠬᠤ︾ ᠶᠢ ᠦᠨᠡᠨ ᠬᠦ ᠪᠠᠲᠤᠯᠠᠵᠤ᠂ ᠪᠣᠳᠠᠲᠠᠶ ᠠᠵᠢᠯᠯᠠᠵᠤ ᠪᠣᠳᠠᠲᠠᠶ ᠠᠮᠵᠢᠯᠲᠠ ᠪᠦᠲᠦᠮᠵᠢ ᠪᠠᠷ ᠢᠶᠠᠨ ᠪᠥᠬᠦ ᠬᠤᠲᠠ ᠶᠢᠨ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ᠃ ︽ᠠᠯᠢᠪᠠ ᠪᠦᠬᠦᠨ ᠬᠡᠦᠬᠡᠳ ᠤᠨ ᠲᠥᠯᠥᠭᠡ︾ ᠭᠡᠬᠦ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢᠶᠠᠷ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠥᠷᠭᠡᠨ ᠣᠯᠠᠨ ᠰᠤᠷᠤᠭᠴᠢᠳ ᠢ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠥᠮᠦᠵᠢᠭᠦᠯᠦᠨ ᠵᠢᠯᠣᠭᠤᠳᠬᠤ ᠬᠡᠷᠡᠭᠲᠡᠶ ᠭᠡᠵᠦ ᠬᠡᠯᠡᠪᠡ᠃                                                  ᠣᠷᠴᠢᠭᠤᠯᠤᠭᠴᠢ᠄ ᠭᠤᠸ᠎ᠠ                                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2