| | ᠣᠶᠢᠷ᠎ᠠ ᠳᠤ᠂ ᠠᠭᠠᠷ ᠤᠨ ᠳᠤᠯᠠᠭᠠᠨ ᠳᠡᠭᠡᠭᠰᠢᠯᠡᠬᠦ ᠶᠢ ᠳᠠᠭᠠᠯᠳᠤᠨ᠂ ᠰᠢᠩ ᠾᠧ ᠰᠢᠶᠠᠨ ᠤ ᠯᠣᠤ ᠯᠢ ᠬᠠᠶ | ᠨᠤᠭᠤ ᠭᠠᠵᠠᠷ ᠰᠦᠷᠦᠭ ᠨᠡᠭᠦᠳᠡᠯ ᠤᠨ ᠰᠢᠪᠠᠭᠤ ᠶᠢ ᠤᠭᠲᠤᠨ ᠠᠪᠴᠢᠷᠠᠵᠤ᠂ ᠡᠪᠦᠯ ᠤᠨ ᠤᠯᠠᠷᠢᠯ ᠤᠨ ᠯᠤᠤ ᠯᠢ | ᠬᠠᠢ ᠨᠠᠭᠤᠷ ᠠᠮᠢᠵᠢᠷᠠᠯ ᠤᠨ ᠬᠦᠴᠦᠨ ᠢᠶᠠᠷ ᠪᠢᠯᠬᠠᠵᠤ ᠡᠬᠢᠯᠡᠪᠡ᠃ | ᠬᠤᠨ ᠭᠠᠯᠠᠭᠤ᠂ ᠬᠠᠯᠲᠠᠷ ᠭᠠᠯᠠᠭᠤ᠂ ᠤᠯᠠᠭᠠᠨ ᠬᠠᠯᠲᠠᠷ ᠨᠤᠭᠤᠰᠤ᠂ ᠨᠤᠭᠤᠭᠠᠨ ᠲᠣᠯᠣᠭᠠᠶᠢᠲᠤ ᠨᠤᠭᠤᠰᠤ᠂ | ᠤᠯᠠᠭᠠᠨ ᠲᠣᠯᠣᠭᠠᠶᠢᠲᠤ ᠱᠤᠩᠭᠤᠯ ᠨᠤᠭᠤᠰᠤ ᠵᠡᠷᠭᠡ ᠨᠡᠭᠦᠳᠡᠯ ᠤᠨ ᠰᠢᠪᠠᠭᠤᠳ ᠪᠦᠯᠦᠭ ᠬᠤᠪᠢᠶᠠᠨ ᠯᠤᠤ ᠯᠢ | ᠬᠠᠢ ᠳᠤ ᠪᠤᠴᠠᠵᠤ ᠢᠷᠡᠵᠤ᠂ ᠲᠡᠳᠡᠭᠡᠷ ᠨᠢ ᠨᠠᠭᠤᠷ ᠳᠣᠲᠣᠷ᠎ᠠ ᠵᠢᠭᠳᠡᠷᠡᠵᠤ᠂ ᠨᠣᠮᠢᠨ ᠨᠣᠭᠤᠭᠠᠨ ᠨᠠᠭᠤᠷ ᠬᠦᠬᠡ | ᠣᠭᠲᠠᠷᠭᠤᠢ ᠲᠠᠢ ᠥᠩᠭᠡ ᠢᠯᠭᠠᠷᠠᠨ ᠬᠠᠷᠠᠭᠳᠠᠨ᠎ᠠ᠃ | ᠤᠶᠢᠷ᠎ᠡ ᠶᠢᠨ ᠵᠢᠯ ᠳᠤ᠂ ᠠᠮᠢ ᠠᠬᠤᠢ ᠶᠢᠨ ᠤᠷᠴᠢᠠ ᠨᠦᠬᠦᠴᠡᠯ ᠤᠨ ᠰᠠᠶᠢᠵᠢᠷᠠᠯᠳᠡ ᠪᠠ ᠬᠡᠭᠡᠷ᠎ᠡ ᠶᠢᠨ | ᠠᠮᠢᠳᠣᠷᠠᠯ ᠢ ᠬᠠᠮᠠᠭᠠᠯᠠᠬᠤ ᠡᠷᠴᠢᠮ ᠴᠢᠩᠭᠠᠷᠠᠬᠤ ᠶᠢ ᠳᠠᠭᠠᠯᠳᠤᠨ᠂ ᠯᠤᠤ ᠯᠢ ᠬᠠᠢ ᠠᠯᠬᠤᠮ ᠠᠯᠬᠤᠮ ᠢᠶᠠᠷ | ᠨᠡᠭᠦᠳᠡᠯ ᠤᠨ ᠱᠢᠪᠠᠭᠤᠨ ᠤ ᠨᠡᠭᠦᠳᠡᠯ ᠤᠨ ᠵᠠᠮ ᠳᠠᠬᠢ ︽ᠦᠷᠳᠡᠭᠡ︾ ᠪᠠ ︽ᠳ᠋ᠧᠪᠠᠵᠠᠨ︾ ᠪᠣᠯᠤᠭᠰᠠᠨ ᠪᠠᠶᠢᠨ᠎ᠠ᠃ | ᠰᠢᠩ ᠾᠧ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠦᠷᠢᠳᠬᠡᠯ ᠤᠨ ᠲᠤᠭ᠎ᠠ | ᠪᠠᠷᠢᠮᠲᠠ ᠠᠴᠠ ᠦᠵᠡᠪᠡᠯ᠂ 2024 ᠣᠨ ᠤ 3 ᠰᠠᠷ᠎ᠠ ᠶᠢᠨ ᠳᠤᠮᠳᠠᠴᠢ ᠠᠴᠠ 4 ᠰᠠᠷ᠎ᠠ ᠶᠢᠨ ᠰᠡᠭᠦᠯᠴᠢ ᠪᠣᠯᠲᠠᠯ᠎ᠠ᠂ | ᠯᠤᠤ ᠯᠢ ᠬᠠᠢ ᠶᠢᠨ ᠨᠤᠭᠤ ᠭᠠᠵᠠᠷ ᠲᠤ ᠥᠩᠭᠡᠷᠡᠬᠦ ᠨᠡᠭᠦᠳᠡᠯ ᠤᠨ ᠰᠢᠪᠠᠭᠤᠨ ᠤ ᠲᠤᠭ᠎ᠠ ᠬᠡᠮᠵᠢᠶ᠎ᠡ 10700 ᠭᠠᠷᠤᠢ | ᠪᠠᠶᠢᠵᠤ᠂ ᠤᠯᠤᠰ ᠤᠨ ᠨᠢᠭᠡᠳᠦᠭᠡᠷ ᠳᠡᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠬᠠᠷ᠎ᠠ | ᠥᠷᠪᠢ᠂ ᠤᠯᠤᠰ ᠤᠨ ᠬᠤᠶᠠᠳᠤᠭᠠᠷ ᠳᠡᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠴᠠᠭᠠᠨ | ᠳᠡᠯᠬᠡ ᠵᠢᠴᠢ ᠤᠯᠤᠰ ᠤᠨ ︽ᠭᠤᠷᠪᠠ ᠪᠠᠶᠢᠬᠤ︾ ᠬᠡᠭᠡᠷ᠎ᠡ ᠶᠢᠨ ᠠᠮᠢᠲᠠᠨ ᠤ ᠬᠥᠬᠡ ᠳᠡᠯᠬᠡ᠂ ᠤᠯᠠᠭᠠᠨ ᠣᠯᠣᠰᠤ | ᠨᠤᠭᠤᠰᠤ ᠵᠡᠷᠭᠡ ᠶᠢ ᠪᠠᠭᠲᠠᠭᠠᠨ᠎ᠠ᠃ ᠡᠭᠦᠨ ᠤ ᠳᠣᠲᠣᠷ᠎ᠠ ᠤᠯᠤᠰ ᠤᠨ ᠨᠢᠭᠡᠳᠦᠭᠡᠷ ᠳᠡᠰ ᠤᠨ ᠭᠤᠣᠯᠳᠠᠯᠭ᠎ᠠ ᠲᠠᠢ | ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠬᠠᠷ᠎ᠠ ᠦᠷᠪᠢ ᠶᠢᠨ ᠲᠤᠭ᠎ᠠ ᠥᠩᠭᠡᠷᠡᠭᠰᠡᠨ ᠠᠴᠠ ᠠᠵᠢᠭᠯᠠᠵᠤ ᠮᠡᠳᠡᠭᠰᠡᠨ 2 | ᠪᠠᠶᠢᠭᠰᠠᠨ ᠠᠴᠠ ᠪᠠᠨ 8 ᠪᠣᠯᠣᠨ ᠨᠡᠮᠡᠭᠳᠡᠵᠦ᠂ ᠴᠠᠭᠠᠨ ᠳᠠᠯᠠᠩ ᠳᠡᠭᠡᠯᠡᠢ ᠥᠩᠭᠡᠷᠡᠭᠰᠡᠨ ᠤ 30 ᠭᠠᠷᠤᠢ ᠲᠣᠯᠣᠭᠠᠢ | ᠪᠠᠶᠢᠭᠰᠠᠨ ᠠᠴᠠ ᠪᠠᠨ 300 ᠭᠠᠷᠤᠢ ᠪᠣᠯᠵᠤ ᠨᠡᠮᠡᠭᠳᠡᠨ᠂ ᠪᠤᠰᠤᠳ ᠰᠢᠪᠠᠭᠤᠨ ᠤ ᠲᠤᠭ᠎ᠠ ᠴᠤ ᠵᠢᠯ ᠳᠠᠷᠠᠭᠠᠯᠠᠨ | ᠨᠡᠮᠡᠭᠳᠡᠵᠦ ᠪᠠᠶᠢᠨ᠎ᠠ᠃ | ᠨᠡᠭᠦᠳᠡᠯ ᠤᠨ ᠰᠢᠪᠠᠭᠤ ᠳᠤ ᠣᠷᠣᠰᠢᠨ ᠠᠮᠢᠳᠤᠷᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ | ᠪᠣᠯᠭᠠᠬᠤ ᠶᠢᠨ ᠲᠥᠯᠥᠭᠡ᠂ ᠲᠤᠬᠠᠶ ᠶᠢᠨ ᠭᠠᠵᠠᠷ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ | ᠮᠥᠴᠢᠷ ᠤᠨ ᠨᠤᠭᠤ ᠭᠠᠵᠠᠷ ᠤᠨ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠲᠥᠪ ᠠᠴᠠ ᠨᠠᠭᠤᠷ | ᠲᠣᠭᠤᠷᠢᠭ᠂ ᠨᠤᠭᠤ ᠭᠠᠵᠠᠷ ᠤᠨ ᠨᠡᠭᠦᠳᠡᠯ ᠤᠨ ᠰᠢᠪᠠᠭᠤ ᠲᠥᠪᠯᠡᠷᠡᠭᠰᠡᠨ ᠭᠠᠵᠠᠷ ᠢ ᠲᠣᠭᠤᠷᠢᠨ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ᠂ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠪᠠᠨ ᠨᠡᠮᠡᠭᠳᠡᠭᠦᠯᠦᠨ᠂ ᠪᠦᠬᠦᠯᠢ ᠡᠳᠦᠷ ᠢᠶᠠᠷ | ᠲᠣᠭᠤᠷᠢᠨ ᠬᠠᠮᠠᠭᠠᠯᠠᠵᠤ᠂ ᠬᠢᠯᠢ ᠥᠩᠭᠡᠷᠡᠬᠦ ᠨᠡᠭᠦᠳᠡᠯ ᠤᠨ ᠰᠢᠪᠠᠭᠤ ᠶᠢᠨ ᠠᠮᠤᠷ ᠲᠦᠪᠰᠢᠨ ᠢ ᠦᠨᠡᠨᠬᠦ ᠪᠠᠲᠤᠯᠠᠪᠡ᠃ | ᠵᠣᠬᠢᠶᠠᠭᠴᠢ᠄ ᠢᠦᠶ ᠵᠢᠶᠠᠩ ᠴᠢ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |