4 ᠰᠠᠷ᠎ᠠ ᠶᠢᠨ 28 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠯᠢᠶᠠᠩ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ | ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠹᠠᠩ ᠽᠧ᠂ | ᠬᠤᠲᠠ ᠶᠢᠨ ᠳᠡᠳ᠋ ᠳᠠᠷᠤᠭ᠎ᠠ ᠬᠤᠤ ᠶᠦᠨ ᠲᠤᠤ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ᠂ ᠠᠵᠤ ᠠᠬᠤᠶᠢᠯᠠᠯ ᠤᠨ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠵᠡᠷᠭᠡ ᠬᠠᠮᠢᠶ᠎ᠠ ᠪᠥᠬᠦᠶ ᠬᠢᠨᠠᠨ ᠵᠥᠪᠯᠡᠭᠰᠡᠨ ᠰᠠᠨᠠᠯ ︵ᠲᠥᠰᠦᠯ︶ ᠪᠣᠯᠤᠨ | ᠬᠤᠯᠪᠣᠭᠳᠠᠯ ᠪᠥᠬᠦᠶ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠢ | ᠪᠠᠲᠤᠯᠠᠭᠰᠠᠨ ᠪᠥᠭᠡᠳ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ | ᠣᠯᠭᠤᠵᠤ᠂ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ | ᠬᠤᠷᠠᠯ ᠠᠴᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ | ᠡᠷᠡᠰ ᠡᠭᠦᠷᠭᠡᠯᠡᠵᠦ᠂ ᠡᠨᠡᠬᠦ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ | ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠪᠠ ᠵᠠᠰᠠᠭ ᠤᠨ | ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠠᠵᠢᠯ ᠤᠨ ᠱᠠᠭᠠᠷᠳᠠᠯᠭ᠎ᠠ ᠶᠢ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ | ᠬᠥᠭᠵᠢᠯᠲᠡ ᠳᠤ ᠬᠦᠴᠦᠲᠡᠶ ᠠᠵᠤ ᠠᠬᠤᠶ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠶ᠃ ᠰᠤᠷᠲᠠᠯ ᠤᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢᠨ ᠦᠷ᠎ᠡ | ᠪᠦᠲᠦᠮᠵᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |