ᠯᠢᠶᠠᠩᠴᠧᠩ ᠰᠢᠶᠠᠨ᠄ ᠴᠠᠭ ᠠᠭᠤᠷ ᠤᠨ ᠣᠨᠣᠪᠴᠢᠲᠠᠶ ᠦᠢᠯᠡᠴᠢᠯᠡᠭᠡ ᠬᠠᠩᠭᠠᠵᠤ ᠬᠠᠪᠤᠷ ᠤᠨ ᠲᠠᠷᠢᠶᠠᠯᠠᠭ᠎ᠠ ᠶᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2025/4/30
   ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠴᠠᠭ ᠦᠶ᠎ᠡ ᠪᠠᠶᠢᠵᠤ᠂ ᠯᠢᠶᠠᠩᠴᠧᠩ ᠰᠢᠶᠠᠨ ᠤ ᠴᠠᠭ ᠠᠭᠤᠷ ᠤᠨ ᠲᠣᠪᠴᠢᠶ᠎ᠠ ᠴᠠᠭ ᠠᠭᠤᠷ ᠤᠨ ᠦᠢᠯᠡᠴᠢᠯᠡᠭᠡᠨ ᠤ ︽ᠡᠮᠦᠨ᠎ᠡ ᠬᠠᠷᠠᠭᠤᠯ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠭ ᠠᠭᠤᠷ ᠤᠨ ᠬᠤᠪᠢᠷᠠᠯᠲᠠ ᠶᠢ ᠴᠢᠩᠭ᠎ᠠ ᠠᠩᠬᠠᠷᠴᠤ᠂ ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠣᠨᠣᠪᠴᠢᠲᠠᠶ᠂ ᠨᠠᠷᠢᠯᠢᠭᠵᠢᠭᠰᠠᠨ᠂ ᠥᠨᠳᠥᠷ ᠪᠦᠲᠦᠮᠵᠢᠲᠡᠶ ᠴᠠᠭ ᠠᠭᠤᠷ ᠤᠨ ᠦᠢᠯᠡᠴᠢᠯᠡᠭᠡ ᠪᠠᠷ ᠪᠥᠬᠦ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ  ᠦᠢᠯᠡᠳᠪᠦᠷᠢᠯᠡᠯ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠵᠤ᠂ ᠲᠠᠷᠢᠶᠠᠯᠠᠩ ᠤᠨ ᠭᠠᠷᠤᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃    ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠪᠣᠯ ᠬᠠᠪᠤᠷ ᠤᠨ ᠲᠠᠷᠢᠶᠠᠯᠠᠭ᠎ᠠ ᠶᠢᠨ ︽ᠲᠤᠩᠭᠠᠯᠠᠭ ᠪᠣᠷᠣᠭᠠᠨ ᠤ ᠬᠡᠮᠵᠢᠭᠦᠷ︾ ᠮᠥᠨ᠂ ᠲᠠᠷᠢᠮᠠᠯ ᠳᠠᠷᠢᠬᠤ᠂ ᠴᠢᠬᠢᠯᠡᠬᠦ ᠵᠢᠴᠢ ᠤᠷᠭᠤᠬᠤ ᠶᠢ ᠰᠢᠭᠤᠳ ᠨᠥᠯᠥᠭᠡᠯᠡᠳᠡᠭ᠂ ᠴᠠᠭ ᠠᠭᠤᠷ ᠤᠨ ᠲᠣᠪᠴᠢᠶ᠎ᠠ ᠶᠢᠨ ᠲᠤᠷᠰᠢᠯᠲᠠ ᠶᠢᠨ ᠲᠠᠰᠤᠭ ᠲᠤ᠂ ᠠᠵᠢᠯᠲᠠᠳ ᠴᠤᠭᠯᠠᠭᠤᠯᠤᠭᠰᠠᠨ ᠬᠥᠷᠥᠰᠥ ᠰᠢᠷᠣᠶ ᠶᠢᠨ ᠥᠯᠢᠭᠡᠷ ᠡᠳ᠋ ᠢ ᠬᠠᠳᠠᠭᠠᠬᠤ ᠠᠷᠭ᠎ᠠ ᠪᠠ ᠬᠡᠮᠵᠢᠭᠦᠷᠯᠢᠭ ᠤᠨ ᠰᠢᠯᠭᠠᠨ ᠵᠠᠳᠠᠯᠤᠯᠲᠠ ᠬᠢᠵᠦ᠂ ᠠᠳᠠᠯᠢ ᠪᠤᠰᠤ ᠣᠷᠣᠨ ᠪᠦᠰᠡ ᠶᠢᠨ ᠠᠭᠤᠷ ᠠᠮᠢᠰᠬᠤᠯ ᠤᠨ ᠣᠨᠴᠠᠯᠢᠭ ᠵᠢᠴᠢ ᠢᠷᠡᠭᠡᠳᠦᠶ ᠶᠢᠨ ᠴᠠᠭ ᠠᠭᠤᠷ ᠤᠨ ᠬᠠᠨᠳᠤᠰᠢ ᠲᠠᠢ ᠤᠶᠠᠯᠳᠤᠭᠤᠯᠤᠨ᠂ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ ᠶᠢᠨ ᠬᠠᠮᠲᠤ ᠳᠠᠷᠢᠬᠤ ᠳᠤ ᠲᠣᠬᠢᠷᠠᠮᠵᠢᠲᠠᠶ ᠬᠤᠭᠤᠴᠠᠭᠠᠨ ᠤ ᠵᠢᠱᠢᠯᠲᠡ ᠶᠢ ᠨᠡᠶᠢᠲᠡᠯᠡᠵᠦ᠂ ᠲᠠᠷᠢᠶᠠᠴᠢᠨ ᠡᠷᠦᠬᠡ ᠳᠤ ᠨᠠᠷᠢᠯᠢᠭ ᠣᠨᠣᠴᠠᠲᠠᠶ ᠲᠠᠷᠢᠶᠠᠯᠠᠩ ᠤᠨ ᠶᠠᠪᠤᠳᠠᠯ ᠤᠨ ᠵᠢᠯᠣᠭᠤᠳᠣᠯᠭ᠎ᠠ ᠬᠠᠩᠭᠠᠵᠤ ᠪᠠᠶᠢᠨ᠎ᠠ᠃    ᠴᠠᠭ ᠠᠭᠤᠷ ᠤᠨ ᠲᠤᠭ᠎ᠠ ᠪᠠᠷᠢᠮᠲᠠ ᠣᠨᠣᠪᠴᠢᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠯᠢᠶᠠᠩᠴᠧᠩ ᠰᠢᠶᠠᠨ ᠤ ᠴᠠᠭ ᠠᠭᠤᠷ ᠤᠨ ᠲᠣᠪᠴᠢᠶ᠎ᠠ ᠪᠥᠬᠦ ᠰᠢᠶᠠᠨ ᠤ 29 ᠠᠦ᠋ᠲ᠋ᠣ᠋ ᠴᠠᠭ ᠠᠭᠤᠷ ᠤᠨ ᠥᠷᠲᠡᠭᠡ ᠶᠢ ᠤᠷᠢᠳᠴᠢᠯᠠᠨ ᠪᠥᠬᠦ ᠲᠠᠯ᠎ᠠ ᠪᠠᠷ ᠲᠣᠭᠤᠷᠢᠨ ᠪᠠᠶᠢᠴᠠᠭᠠᠵᠤ ᠬᠠᠮᠠᠭᠠᠯᠠᠵᠤ᠂ ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ᠂ ᠲᠤᠭ᠎ᠠ ᠪᠠᠷᠢᠮᠲᠠ ᠶᠢ ᠣᠨᠣᠪᠴᠢᠲᠠᠶ ᠳᠠᠮᠵᠢᠭᠤᠯᠬᠤ ᠶᠢ ᠪᠠᠲᠤᠯᠠᠪᠠ᠃ ᠡᠭᠦᠨ ᠤ ᠬᠠᠮᠲᠤ᠂ ᠴᠠᠭ ᠠᠭᠤᠷ ᠤᠨ ᠪᠠᠶᠢᠳᠠᠯ ᠤᠨ ᠵᠠᠳᠠᠯᠤᠯᠲᠠ ᠶᠢ ᠴᠢᠩᠭᠠᠳᠬᠠᠵᠤ᠂ ᠬᠠᠪᠤᠷ ᠤᠨ ᠰᠡᠭᠦᠯ᠂ ᠶᠡᠭᠡ ᠰᠠᠯᠬᠢ᠂ ᠴᠢᠩᠭ᠎ᠠ ᠰᠣᠯᠢᠭ ᠤᠷᠤᠰᠬᠠᠯ ᠵᠡᠷᠭᠡ ᠭᠠᠮᠰᠢᠭ ᠤᠨ ᠴᠢᠨᠠᠷᠲᠠᠶ ᠴᠠᠭ ᠠᠭᠤᠷ ᠲᠤ ᠭᠤᠤᠯᠳᠠᠯᠭ᠎ᠠ ᠲᠠᠢ ᠪᠠᠷ ᠴᠢᠭᠯᠡᠭᠦᠯᠦᠨ᠂ 1 - 3 ᠡᠳᠦᠷ ᠤᠨ ᠡᠮᠦᠨ᠎ᠡ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠵᠦ᠂ ᠭᠠᠮᠰᠢᠭ ᠤᠨ ᠴᠠᠭ᠂ ᠨᠥᠯᠥᠭᠡᠯᠡᠬᠦ ᠬᠡᠪᠴᠢᠶ᠎ᠡ ᠪᠠ ᠬᠦᠴᠦᠯᠡᠴᠡ ᠶᠢ ᠲᠣᠳᠣᠷᠬᠠᠶᠢᠯᠠᠨ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠳᠤ ᠰᠠᠨᠠᠭᠠᠴᠢᠯᠠᠭᠠᠲᠤ ᠡᠷᠬᠡ ᠶᠢ ᠲᠡᠮᠡᠴᠡᠨ ᠣᠯᠬᠤ ᠶᠢ ᠪᠠᠲᠤᠯᠠᠪᠠ᠃                                 ᠣᠷᠴᠢᠭᠤᠯᠤᠭᠴᠢ᠄ ᠭᠤᠸ᠎ᠠ                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2