4 ᠰᠠᠷ᠎ᠠ ᠶᠢᠨ 3 ᠤ ᠡᠳᠦᠷ᠂ ᠬᠤᠲᠠ ᠶᠢᠨ ᠳᠡᠳ᠋ ᠳᠠᠷᠤᠭ᠎ᠠ ᠢᠦᠢ ᠬᠠᠢ ᠴᠧᠩ ᠪᠦᠯᠬᠦᠮ ᠳᠠᠭᠠᠭᠤᠯᠤᠨ | ᠬᠤᠸᠠᠳᠧ ᠰᠢᠶᠠᠨ ᠤ ᠵᠢᠶᠧ ᠶᠤᠸᠠᠨ ᠬᠤᠭ ᠨᠣᠪᠰᠢ ᠶᠢ ᠬᠤᠷᠢᠶᠠᠨ ᠠᠪᠴᠤ ᠰᠢᠢᠳᠪᠦᠷᠢᠯᠡᠬᠦ ᠬᠢᠵᠠᠭᠠᠷᠲᠤ | ᠺᠣᠮᠫᠠᠨᠢ ᠶᠢᠨ ᠠᠭᠤᠷᠬᠠᠢ ᠶᠢᠨ ᠰᠢᠭᠠᠷᠤ ᠶᠢ ᠪᠤᠯᠠᠬᠤ ᠲᠠᠯᠠᠪᠠᠢ᠂ ᠢᠦᠢ ᠰᠢᠶᠤᠤ ᠮᠧᠩ ᠳ᠋ᠠ ᠪᠠᠷᠢᠯᠭ᠎ᠠ ᠶᠢᠨ | ᠲᠤᠬᠠᠢ ᠶᠢᠨ ᠲᠠᠯᠠᠪᠠᠢ᠂ ᠱᠠᠩᠳᠤ ᠰᠢᠶᠠᠨ ᠤ ᠶᠠᠨ ᠬᠤᠤ ᠴᠣᠬᠤᠢ ᠶᠢᠨ ᠴᠢᠯᠠᠭᠤᠯᠢᠭ ᠤᠨ ᠠᠭᠤᠷᠬᠠᠢ᠂ ᠰᠢᠨ ᠯᠦᠩ | ᠬᠦᠷᠮᠡᠨ ᠴᠢᠯᠠᠭᠤᠯᠢᠭ ᠤᠨ ᠠᠭᠤᠷᠬᠠᠢ᠂ ᠵᠢᠤᠢ ᠬᠤᠩ ᠪᠠᠷᠢᠯᠭ᠎ᠠ ᠶᠢᠨ ᠡᠯᠡᠰᠦᠨ ᠤ ᠠᠭᠤᠷᠬᠠᠢ᠂ ᠵᠢᠤᠢ ᠬᠤᠩ | ᠪᠠᠷᠢᠯᠭ᠎ᠠ ᠶᠢᠨ ᠬᠠᠶᠢᠷ ᠤᠨ ᠠᠭᠤᠷᠬᠠᠢ᠂ ᠵᠢᠶᠠᠨ ᠬᠤᠸᠠ ᠬᠡᠮᠬᠡᠳᠡᠭ ᠠᠭᠤᠷᠬᠠᠢ ᠶᠢᠨ ᠠᠮᠢ ᠠᠬᠤᠢ ᠶᠢᠨ ᠬᠠᠮᠠᠭᠠᠯᠠᠯᠲᠠ᠂ | ᠠᠶᠤᠯᠭᠦᠢ ᠦᠢᠯᠡᠳᠪᠦᠷᠢᠯᠡᠯ ᠪᠣᠯᠤᠨ ᠴᠢᠬᠤᠯᠠ ᠶᠡᠭᠡ ᠲᠦᠷᠦᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ | ᠪᠠᠶᠢᠳᠠᠯ ᠢ ᠪᠠᠶᠢᠴᠠᠭᠠᠨ ᠰᠤᠳᠤᠯᠪᠠ᠃ | ᠢᠦᠢ ᠬᠠᠢ ᠴᠧᠩ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠬᠤᠳᠠ ᠶᠢᠨ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠱᠠᠭᠠᠷᠳᠠᠯᠭ᠎ᠠ ᠶᠢ ᠣᠨᠣᠪᠴᠢᠲᠠᠢ ᠪᠦᠬᠦ | ᠲᠠᠯ᠎ᠠ ᠪᠠᠷ ᠣᠶᠢᠯᠠᠭᠠᠵᠤ᠂ ᠠᠵᠤ ᠦᠢᠯᠡᠳᠪᠦᠷᠢ ᠶᠢᠨ ᠰᠢᠭᠠᠷᠤ ᠶᠢᠨ ᠲᠠᠯᠠᠪᠠᠢ᠂ ᠠᠭᠤᠷᠬᠠᠢ ᠶᠢᠨ ᠠᠰᠠᠭᠤᠳᠠᠯ ᠤᠨ | ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠠᠯᠠᠭ᠎ᠠ | ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ | ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠠᠵᠤ ᠠᠬᠤᠶᠢᠯᠠᠯ ᠤᠨ ᠠᠮᠢ ᠠᠬᠤᠢ ᠶᠢ ᠰᠡᠷᠭᠦᠭᠡᠨ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠤᠯᠢ ᠪᠤᠰᠤ ᠪᠠᠷ ᠦᠢᠯᠡᠳᠪᠦᠷᠢᠯᠡᠵᠦ ᠡᠵᠡᠩᠨᠡᠬᠦ | ᠠᠵᠢᠯᠯᠠᠭ᠎ᠠ ᠪᠣᠯᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠠᠶᠢᠪᠠᠯ᠂ ᠬᠠᠤᠯᠢ ᠶᠣᠰᠣᠭᠠᠷ | ᠬᠠᠤᠯᠢ ᠬᠡᠷᠡᠭᠵᠢᠭᠦᠯᠵᠦ᠂ ᠵᠢᠷᠤᠮᠵᠢᠯ ᠲᠠᠢ ᠠᠵᠢᠯᠯᠠᠬᠤ ᠶᠢ ᠪᠠᠲᠤᠯᠠᠵᠤ᠂ ᠱᠠᠭᠠᠷᠳᠠᠯᠭ᠎ᠠ ᠶᠣᠰᠣᠭᠠᠷ ᠴᠡᠭᠴᠡᠯᠡᠨ | ᠰᠠᠶᠢᠵᠢᠷᠠᠭᠤᠯᠬᠤ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠠᠵᠢᠯ ᠢ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ | ᠴᠢᠬᠤᠯᠠ ᠶᠡᠭᠡ ᠲᠦᠷᠦᠯ ᠵᠦᠢᠯ ᠤᠨ ᠪᠦᠬᠦ ᠲᠠᠯ᠎ᠠ ᠪᠠᠷ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ | ᠲᠦᠷᠭᠡᠳᠬᠡᠨ ᠠᠬᠢᠭᠤᠯᠵᠤ᠂ ᠪᠦᠬᠦ ᠵᠢᠯ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠳᠤ ᠪᠠᠲᠤ ᠰᠠᠭᠤᠷᠢ | ᠲᠠᠯᠪᠢᠬᠤ ᠬᠡᠷᠡᠭᠲᠡᠢ᠃ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠤᠨ | ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶ ᠪᠣᠯᠭᠠᠵᠤ᠂ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠲᠥᠷᠥᠯ ᠤᠨ | ᠵᠢᠯᠣᠭᠤᠳᠣᠯᠭ᠎ᠠ ᠬᠢᠨᠠᠯᠲᠠ ᠬᠠᠮᠢᠶᠠᠷᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |