| | 4 ᠰᠠᠷ᠎ᠠ ᠶᠢᠨ 2 ᠤᠨ ᠡᠳᠦᠷ᠂ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠤᠨ ᠥᠪᠥᠷ | ᠮᠣᠩᠭᠤᠯ ᠤᠨ ᠳ᠋ᠢᠩ ᠵᠢᠶᠦ᠋ᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠢᠯ ᠤᠨ ᠭᠠᠷᠤᠯᠳᠠ 5 | ᠲᠦᠮᠡᠨ ᠲᠣᠨ ᠠᠮᠢᠳᠤ ᠪᠣᠳᠠᠰ ᠤᠨ ᠮᠥᠬᠦᠯᠢᠭ ᠤᠨ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ | ᠲᠣᠰ ᠲᠥᠷᠥᠯ ᠵᠦᠢᠯ ᠳᠤ ᠨᠡᠶᠢᠲᠡ 2000 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ | ᠯᠢᠶᠠᠩᠴᠧᠩ ᠰᠢᠶᠠᠨ ᠤ ᠬᠡᠪᠴᠢᠶᠡᠨ ᠳᠤ ᠵᠢᠯ ᠤᠨ ᠭᠠᠷᠤᠯᠳᠠ 5 ᠲᠦᠮᠡᠨ ᠲᠣᠨ ᠠᠮᠢᠳᠤ ᠪᠣᠳᠠᠰ ᠤᠨ ᠮᠠᠰ ᠤᠨ | ᠮᠥᠬᠦᠯᠢᠭ ᠤᠨ ᠲᠥᠷᠥᠯ ᠵᠦᠢᠯ ᠢ ᠪᠥᠲᠥᠭᠡᠨ ᠪᠠᠶᠢᠭᠤᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ | ᠬᠠᠷᠭᠠᠨ᠎ᠠ᠂ ᠡᠰᠢ ᠰᠦᠷᠡᠯ᠂ ᠲᠤᠲᠤᠷᠭ᠎ᠠ ᠵᠡᠷᠭᠡ ᠵᠢᠴᠢ ︽ᠭᠤᠷᠪᠠᠨ ᠦᠯᠡᠳᠡᠪᠦᠷᠢ ᠪᠣᠳᠠᠰ︾ ᠢ ᠡᠳ᠋ᠰᠢᠭᠦᠯᠬᠦ ᠪᠠᠷ | ᠳᠡᠮᠵᠢᠨ ᠲᠤᠯᠭᠠᠭᠤᠷᠢ ᠬᠡᠯᠪᠡᠷᠢ ᠶᠢᠨ ᠣᠷᠴᠢᠨ ᠲᠣᠭᠤᠷᠢᠨ ᠢ ᠬᠠᠮᠠᠭᠠᠯᠠᠬᠤ ᠰᠢᠨ᠎ᠡ ᠡᠨᠧᠷᠭᠢ ᠶᠢᠨ ᠠᠮᠢᠳᠤ ᠪᠣᠳᠠᠰ ᠤᠨ | ᠲᠦᠯᠡᠰᠢ ᠭᠠᠷᠭᠠᠵᠤ᠂ ᠡᠨᠡ ᠨᠢ ᠨᠡᠭᠦᠷᠡᠰᠦ ᠶᠢ ᠣᠷᠣᠯᠠᠭᠤᠯᠵᠤ᠂ CO2 ᠪᠠ SO2 ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠵᠤ᠂ ᠣᠷᠴᠢᠨ ᠲᠣᠭᠤᠷᠢᠨ ᠢ ᠬᠠᠮᠠᠭᠠᠯᠠᠬᠤ ᠪᠠ ᠬᠦᠯᠡᠮᠵᠢ ᠶᠢᠨ ᠬᠡᠶ ᠪᠡᠶᠡᠲᠦ ᠶᠢᠨ | ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠳᠤ ᠠᠰᠢᠭᠲᠠᠶ ᠪᠥᠭᠡᠳ ᠲᠡᠭᠡᠭᠡᠪᠦᠷᠢᠯᠡᠬᠦ ᠪᠠ ᠬᠠᠳᠠᠭᠠᠯᠠᠬᠤ ᠳᠤ ᠲᠥᠬᠦᠮ | ᠪᠠᠶᠢᠵᠤ᠂ ᠲᠠᠸᠠᠷ ᠪᠣᠯᠵᠣ᠂ ᠨᠡᠭᠦᠷᠡᠰᠦ ᠶᠢ ᠣᠷᠣᠯᠠᠭᠤᠯᠤᠨ ᠵᠤᠤᠬ᠎ᠠ ᠳᠤ ᠰᠢᠭᠤᠳ ᠰᠢᠲᠠᠭᠠᠵᠤ ᠴᠠᠬᠢᠯᠭᠠᠨ ᠭᠠᠷᠭᠠᠬᠤ | ᠪᠤᠶᠤ ᠢᠯᠴᠢ ᠬᠠᠩᠭᠠᠵᠤ ᠪᠣᠯᠤᠨ᠎ᠠ᠂ ᠪᠠᠰᠠ ᠬᠦᠳᠡᠭᠡ ᠲᠤᠰᠬᠤᠨ ᠤ ᠦᠨᠳᠦᠰᠦᠨ ᠠᠮᠢᠳᠤᠷᠠᠯ ᠤᠨ ᠡᠨᠧᠷᠬᠢ ᠶᠢᠨ | ᠰᠤᠷᠪᠤᠯᠵᠢ ᠶᠢᠨ ᠠᠰᠠᠭᠤᠳᠠᠯ ᠢ ᠰᠢᠢᠳᠪᠦᠷᠢᠯᠡᠬᠦ ᠳᠤ ᠴᠦ ᠬᠡᠷᠡᠭᠯᠡᠵᠦ ᠪᠤᠯᠬᠤ ᠮᠦᠷᠳᠡᠬᠡᠨ ᠬᠥᠳᠡᠭᠡ ᠲᠣᠰᠬᠤᠨ ᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠠᠰᠢᠭᠳᠠᠢ ᠶᠤᠮ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |