ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/8
    4 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠶᠦᠩ ᠬᠤᠷᠠᠯ ᠢ ᠡᠷᠭᠢᠯᠡᠪᠡ᠃     ᠵᠧᠦ ᠺᠠᠢ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠨᠢ ᠪᠢᠳᠡᠨ ᠤ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠤ᠂ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠦᠨᠳᠦᠷᠴᠡ ᠠᠴᠠ ᠨᠠᠮ ᠤᠨ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠳᠠᠬᠢ ᠣᠷᠳᠣ ᠬᠤᠭᠤᠴᠠᠭ᠎ᠠ ᠪᠠᠷ ᠲᠥᠷᠥ ᠪᠠᠷᠢᠬᠤ ᠰᠠᠭᠤᠷᠢ ᠶᠢ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠦᠨᠡᠨ ᠬᠦ ᠪᠠᠲᠤᠯᠠᠬᠤ ᠦᠨᠳᠦᠷᠴᠡ ᠠᠴᠠ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠠᠳᠬᠤᠵᠤ᠂ ᠨᠡᠶᠢᠭᠡᠮ ᠤᠨ ᠬᠦᠷᠢᠶᠡᠨ ᠳᠠᠬᠢ ︽ᠲᠣᠭᠲᠠᠭᠤᠨ︾ ᠢᠶᠠᠷ ᠥᠭᠡᠷᠡᠴᠢᠯᠡᠯᠲᠡ ᠬᠥᠭᠵᠢᠯᠲᠡ ᠶᠢᠨ ︽ᠤᠷᠤᠭᠰᠢᠯᠠᠬᠤ︾ ᠶᠢ ᠪᠠᠲᠤᠯᠠᠵᠤ᠂ ᠡᠷᠡᠯᠬᠡᠭᠯᠡᠨ ᠤᠷᠤᠭᠰᠢᠯᠠᠭᠰᠠᠨ ᠤᠯᠠᠭᠠᠨᠴᠠᠪ ᠢ ᠨᠠᠩ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ ᠵᠣᠯ ᠵᠢᠷᠭᠠᠯ ᠳᠠᠰᠢ ᠤᠯᠠᠮ ᠨᠢᠭᠡ ᠠᠯᠬᠤᠮ ᠤᠷᠤᠭᠰᠢᠯᠠᠭᠤᠯᠬᠤ ᠬᠡᠷᠡᠭᠲᠡᠶ ᠭᠡᠵᠦ ᠬᠡᠯᠡᠪᠡ᠃     ᠵᠧᠦ ᠺᠠᠢ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠨᠡᠶᠢᠭᠡᠮ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠨᠠᠮ ᠤᠨ ᠰᠢᠨ᠎ᠡ ᠪᠠᠷ ᠮᠠᠨᠳᠤᠭᠰᠠᠨ ᠬᠦᠷᠢᠶᠡᠨ ᠤ ᠤᠷᠢᠶᠠᠯᠠᠬᠤ ᠬᠦᠴᠦᠨ ᠨᠢᠭᠲᠠᠷᠠᠯ ᠤᠨ ᠬᠦᠴᠦᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠪᠣᠯᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠦᠷᠭᠦᠯᠵᠢᠯᠡᠨ ᠬᠦᠴᠦᠨ ᠴᠢᠳᠠᠯ ᠣᠯᠭᠤᠵᠤ᠂ ᠦᠨᠳᠦᠰᠦᠨ ᠱᠠᠲᠤᠨ ᠤ ᠵᠠᠰᠠᠯᠲᠠ ᠶᠢᠨ ᠬᠦᠴᠦᠨ ᠢ ᠲᠠᠰᠤᠷᠠᠯᠲᠠ ᠦᠭᠡᠢ ᠪᠤᠵᠠᠭᠠᠶᠢᠷᠠᠭᠤᠯᠬᠤ ᠬᠡᠷᠡᠭᠲᠡᠢ᠃ ᠤᠯᠠᠨ ᠲᠦᠮᠡᠨ ᠢ ᠨᠢᠭᠲᠠᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠷᠠᠳ ᠤᠨ ᠵᠠᠬᠢᠳᠠᠯ ᠰᠤᠷᠪᠤᠯᠵᠢᠯᠠᠭ᠎ᠠ ᠪᠠ ᠠᠷᠠᠳ ᠲᠦᠮᠡᠨ ᠤ ᠰᠠᠨᠠᠭᠤᠯᠭ᠎ᠠ ᠶᠢ ᠴᠤᠭᠯᠠᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠨᠡᠶᠢᠭᠡᠮ ᠤᠨ ᠠᠵᠢᠯ ᠤᠨ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠵᠦ᠂ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠬᠡᠯᠡᠪᠡ᠃     ᠬᠤᠷᠠᠯ ᠳᠡᠭᠡᠷ᠎ᠡ᠂ ᠵᠢᠨᠢᠩ ᠲᠣᠭᠤᠷᠢᠭ᠂ ᠹᠧᠩᠵᠧᠨ ᠬᠤᠲᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠤᠨ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃     ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃                                       ᠣᠷᠴᠢᠭᠤᠯᠤᠭᠴᠢ᠄ ᠭᠤᠸ᠎ᠠ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2