| | 4 ᠰᠠᠷ᠎ᠠ ᠶᠢᠨ 3 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠭᠦᠢᠴᠡᠳᠭᠡᠬᠦ ᠶᠢ ᠠᠬᠢᠭᠤᠯᠬᠤ | ᠬᠤᠷᠠᠯ ᠬᠤᠷᠠᠯᠳᠤᠭᠤᠯᠪᠠ᠃ | ᠬᠤᠷᠠᠯ ᠠᠴᠠ ᠨᠢᠭᠡᠳᠦᠭᠡᠷ ᠤᠯᠠᠷᠢᠯ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 12345 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠰᠢᠢᠳᠪᠦᠷᠢᠯᠡᠵᠦ | ᠳᠠᠭᠤᠰᠬᠠᠭᠰᠠᠨ ᠪᠠᠶᠢᠳᠠᠯ ᠢ ᠮᠡᠳᠡᠭᠳᠡᠪᠡ᠃ ᠬᠤᠷᠠᠯ ᠳᠡᠭᠡᠷ᠎ᠡ᠂ ᠵᠤᠷᠪᠤᠰ ᠳᠠᠷᠠᠭᠠᠯᠠᠨ ᠬᠠᠯᠠᠮᠰᠢᠯ ᠤᠲᠠᠰᠤ ᠶᠢᠨ | ᠠᠵᠢᠯ ᠤᠨ ᠬᠠᠭᠤᠳᠠᠰᠤ ᠶᠢᠨ ᠬᠤᠭᠤᠴᠠᠭ᠎ᠠ ᠠᠴᠠ ᠬᠡᠲᠦᠷᠡᠭᠰᠡᠨ ᠪᠠᠶᠢᠲᠠᠯ᠎ᠠ ᠰᠢᠢᠳᠪᠦᠷᠢᠯᠡᠵᠦ ᠳᠠᠭᠤᠰᠬᠠᠭᠠᠳᠤᠶ | ᠠᠰᠠᠭᠤᠳᠠᠯ ᠳᠤ ᠵᠠᠳᠠᠯᠤᠯᠲᠠ ᠲᠣᠬᠢᠷᠠᠭᠤᠯᠤᠯᠲᠠ ᠬᠢᠵᠦ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠨᠢᠭᠡᠳ | ᠨᠢᠭᠡ ᠪᠠᠷ ᠵᠥᠪᠳᠡᠯᠴᠡᠬᠦ ᠶᠢᠨ ᠬᠠᠮᠲᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤ ᠶᠢᠨ ᠰᠢᠢᠳᠪᠦᠷᠢᠯᠡᠬᠦ ᠠᠵᠢᠯ ᠢ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ | ᠬᠠᠯᠠᠮᠰᠢᠯ ᠤᠲᠠᠰᠤ ᠨᠢ ᠨᠢᠭᠡ ᠲᠠᠯ᠎ᠠ ᠪᠠᠷ ᠵᠠᠰᠠᠭ ᠤᠨ ᠣᠷᠳᠣᠨ᠂ ᠨᠦᠭᠦᠭᠡ ᠲᠠᠯ᠎ᠠ ᠪᠠᠷ ᠤᠯᠠᠨ ᠲᠦᠮᠡᠨ ᠲᠠᠢ | ᠬᠤᠯᠪᠣᠯᠳᠤᠵᠤ᠂ ᠵᠠᠰᠠᠭ ᠤᠨ ᠣᠷᠳᠣᠨ ᠤ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠬᠤ᠂ ᠤᠯᠠᠨ | ᠲᠦᠮᠡᠨ ᠤ ᠬᠢᠨᠠᠯᠲᠠ ᠶᠢ ᠬᠦᠯᠢᠶᠡᠬᠦ ᠴᠢᠬᠤᠯᠠ ᠲᠠᠪᠴᠠᠩ ᠪᠣᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ | ᠰᠢᠶᠠᠩ ᠪᠠᠯᠭᠠᠰᠤ 12345 ᠬᠠᠯᠠᠮᠰᠢᠯ ᠤᠲᠠᠰᠤ ᠶᠢᠨ ᠠᠵᠢᠯ ᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠨ | ᠠᠳᠬᠤᠵᠤ᠂ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠦᠨᠡᠨᠬᠦ ᠠᠰᠠᠭᠤᠵᠤ᠂ ᠦᠨᠡᠨᠬᠦ ᠬᠠᠮᠢᠶᠠᠷᠴᠤ᠂ ᠦᠨᠡᠨᠬᠦ ᠠᠳᠬᠤᠵᠤ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠰᠢᠢᠳᠪᠦᠷᠢᠯᠡᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ︽ᠪᠦᠬᠦ ᠳᠠᠯ᠎ᠠ︾ ᠶᠢᠨ ᠦᠵᠡᠯ | ᠰᠠᠨᠠᠭ᠎ᠠ ᠶᠢ ᠪᠠᠲᠤ ᠪᠤᠢ ᠪᠣᠯᠭᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠤᠯᠤᠯᠴᠠᠭ᠎ᠠ ᠵᠣᠬᠢᠴᠠᠭᠤᠯᠭ᠎ᠠ ᠪᠠᠨ | ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠬᠠᠷᠢᠯᠴᠠᠨ ᠲᠦᠯᠬᠢᠯᠴᠡᠬᠦ᠂ | ᠭᠦᠢᠴᠡᠳᠬᠡᠬᠦ ᠶᠢ ᠤᠳᠠᠭᠠᠰᠢᠷᠠᠭᠤᠯᠬᠤ ᠵᠡᠷᠭᠡ ᠦᠵᠡᠭᠳᠡᠯ ᠢ ᠡᠷᠡᠰ ᠬᠤᠷᠢᠭᠯᠠᠵᠤ᠂ ᠠᠵᠢᠯ ᠤᠨ ᠠᠷᠭ᠎ᠠ ᠪᠠᠨ | ᠲᠠᠰᠤᠷᠠᠯᠳᠠ ᠦᠭᠡᠢ ᠰᠠᠶᠢᠵᠢᠷᠠᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ | ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠤᠨ ᠡᠳᠦᠷ ᠢᠷᠡᠬᠦᠶ᠎ᠡ ᠲᠦᠷᠦᠭᠳᠡᠵᠦ ᠪᠠᠶᠢᠭ᠎ᠠ ᠵᠠᠩᠭᠢᠯᠠᠭ᠎ᠠ ᠶᠢᠨ ᠪᠠᠭ᠎ᠠ | ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠤᠰᠢᠭᠤᠨ ᠤ ᠬᠠᠯᠠᠮᠰᠢᠯ | ᠤᠲᠠᠰᠤᠨ ᠤ ᠠᠵᠢᠯ ᠤᠨ ᠥᠷᠲᠡᠭᠡ ᠬᠤᠯᠪᠣᠭᠠᠯᠠᠨ ᠬᠥᠳᠡᠯᠦᠯᠴᠡᠵᠦ ᠵᠣᠯᠭᠠᠭᠤᠯᠬᠤ᠂ ᠰᠢᠮᠳᠠᠭᠤᠯᠤᠨ ᠪᠠᠶᠢᠴᠠᠭᠠᠵᠤ | ᠰᠢᠮᠳᠠᠭᠤᠯᠤᠨ ᠭᠦᠢᠴᠡᠳᠬᠡᠬᠦ ᠠᠵᠢᠯ ᠢ ᠰᠠᠶᠢᠲᠤᠷ ᠬᠢᠵᠦ᠂ ᠭᠤᠤᠯᠳᠠᠯᠭ᠎ᠠ ᠲᠠᠢ ᠵᠦᠢᠯᠡᠰ ᠤᠨ ᠡᠬᠡ ᠲᠠᠩᠰᠠ ᠶᠢ | ᠪᠠᠶᠢᠭᠤᠯᠤᠨ᠂ ᠳᠡᠭᠡᠭᠰᠢ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠴᠢᠨᠠᠷ | ᠰᠠᠶᠢᠲᠠᠶ ᠥᠨᠳᠥᠷ ᠪᠦᠲᠦᠮᠵᠢᠲᠡᠶ ᠥᠷᠨᠢᠬᠦ ᠶᠢ ᠠᠬᠢᠭᠤᠯᠵᠤ᠂ ᠬᠠᠯᠠᠮᠰᠢᠯ ᠤᠲᠠᠰᠤᠨ ᠤ ᠦᠢᠯᠡᠴᠢᠯᠡᠬᠡᠨ ᠤ ᠦᠷ᠎ᠡ | ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠭᠡᠵᠤ ᠵᠢᠭᠠᠵᠤ ᠭᠠᠷᠭᠠᠪᠠ᠃ | ᠵᠣᠬᠢᠶᠠᠭᠴᠢ᠄ ᠴᠢ ᠷᠦᠢ ᠶᠢᠨ ᠸᠠᠩ ᡁᠢ ᠸᠧᠨ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |