ᠯᠢᠦ ᠬᠠᠢ ᠴᠢᠤᠸᠠᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/9
   4 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠯᠢᠦ ᠬᠠᠶ ᠴᠢᠤᠸᠠᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠤ᠂ ᠪᠥᠬᠦ ᠬᠤᠲᠠ ᠶᠢᠨ ᠡᠳ᠋ ᠤᠨ ᠵᠠᠰᠠᠭ ᠤᠨ ᠠᠵᠢᠯ ᠤᠨ ᠪᠠᠶᠢᠳᠠᠯ ᠢ ᠣᠶᠢᠯᠠᠭᠠᠭᠰᠠᠨ ᠪᠥᠭᠡᠳ ᠲᠤᠬᠠᠶ ᠶᠢᠨ ᠲᠠᠯᠠᠪᠠᠶ ᠳᠤ ᠠᠵᠢᠯᠯᠠᠪᠠ᠃    ᠯᠢᠦ ᠬᠠᠢ ᠴᠢᠤᠸᠠᠨ ᠬᠠᠮᠢᠶ᠎ᠠ ᠪᠦᠬᠦᠢ ᠰᠠᠯᠠᠭ᠎ᠠ ᠲᠠᠰᠤᠭ ᠲᠤ ᠣᠷᠣᠵᠤ᠂ ᠡᠳ᠋ ᠤᠨ ᠵᠠᠰᠠᠭ ᠤᠨ ᠠᠵᠢᠯᠯᠠᠭ᠎ᠠ᠂ ᠭᠤᠣᠯᠳᠠᠯᠭ᠎ᠠ ᠲᠠᠢ ᠵᠠᠷᠤᠯᠭ᠎ᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠠᠯᠪᠠᠯᠠᠬᠤ ᠬᠤᠷᠠᠯ ᠳᠡᠭᠡᠷ᠎ᠡ᠂ ᠯᠢᠦ ᠬᠠᠢ ᠴᠢᠤᠸᠠᠨ ᠠᠵᠢᠯ ᠤᠨ ᠬᠠᠷᠢᠭᠤ ᠮᠡᠳᠡᠭᠦᠯᠦᠯᠲᠡ ᠪᠠ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠦᠬᠦ ᠬᠤᠳᠠ ᠶᠢᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠵᠢᠯ ᠢ ᠨᠤᠲᠠᠯᠠᠪᠠ᠃ ᠲᠡᠷᠡ᠂ ᠤᠢᠢᠷ᠎ᠠ ᠶᠢᠨ ᠵᠢᠯ ᠠᠴᠠ ᠪᠦᠬᠦ ᠬᠤᠳᠠ ᠶᠢᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠰᠢᠰᠲ᠋ᠧᠮ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠥᠭᠵᠢᠯᠲᠡ ᠶᠢ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠵᠦ ᠬᠡᠯᠡᠪᠡ᠃    ᠯᠢᠦ ᠬᠠᠶ ᠴᠢᠤᠸᠠᠨ᠂ ᠪᠥᠬᠦ ᠬᠤᠲᠠ ᠶᠢᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠡᠳ᠋ ᠤᠨ ᠵᠠᠰᠠᠭ ᠤᠨ ᠠᠵᠢᠯ ᠤᠨ ᠤᠯᠤᠰ ᠲᠥᠷᠥ ᠶᠢᠨ ᠰᠢᠨᠵᠢ ᠴᠢᠨᠠᠷ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠤᠯᠤᠰ ᠲᠥᠷᠥ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠶᠡᠷᠦᠩᠬᠡᠶ ᠱᠦᠵᠢ ᠰᠢ ᠶᠢᠨ ᠫᠢᠩ ᠤᠨ ᠡᠳ᠋ ᠤᠨ ᠵᠠᠰᠠᠭ ᠤᠨ ᠠᠵᠢᠯ ᠤᠨ ᠲᠤᠬᠠᠶ ᠴᠢᠬᠤᠯᠠ ᠥᠭᠦᠯᠡᠯᠲᠡ᠂ ᠮᠥᠩᠭᠦᠨ ᠭᠦᠢᠯᠭᠡᠭᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠨᠢᠭᠡ ᠭᠤᠤᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠢᠶᠠᠷ ᠵᠠᠮᠨᠠᠵᠤ ᠳᠤᠮᠳᠠ ᠤᠷᠤᠰᠬᠠᠯ ᠳᠤ ᠣᠷᠣᠬᠤ︾ ᠬᠠᠷᠠᠯᠲᠠ ᠡᠭᠦᠷᠭᠡ ᠶᠢᠨ ᠲᠣᠭᠤᠷᠢᠨ ᠳᠤ ᠠᠵᠠ ᠲᠣᠬᠢᠶᠠᠯ ᠢ ᠠᠮᠵᠢᠨ᠂ ᠪᠠᠶᠢᠳᠠᠯ ᠢ ᠠᠮᠵᠢᠨ ᠤᠷᠤᠭᠰᠢᠯᠠᠵᠤ᠂ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠠᠯᠠ ᠮᠥᠩᠭᠦ᠂ ᠲᠤᠷᠰᠢᠯᠲᠠ ᠶᠢᠨ ᠴᠢᠭ ᠤᠨ ᠵᠢᠱᠢᠶ᠎ᠡ ᠦᠵᠡᠭᠦᠯᠬᠦ ᠶᠢ ᠢᠳᠡᠪᠬᠢᠲᠡᠶ ᠲᠡᠮᠡᠴᠡᠨ ᠣᠯᠵᠤ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ᠂ ᠲᠥᠰᠦᠪ ᠤᠨ ᠬᠠᠮᠢᠶᠠᠷᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠲᠦᠭᠰᠢᠭᠦᠷᠢ ᠶᠢ ᠠᠷᠢᠯᠭᠠᠬᠤ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠡᠳ᠋ ᠬᠥᠷᠥᠩᠭᠡ ᠶᠢᠨ ᠡᠬᠢ ᠪᠠᠶᠠᠯᠢᠭ ᠢ ᠠᠮᠢᠳᠤᠯᠢᠭ ᠪᠣᠯᠭᠠᠬᠤ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠡᠷᠡᠰ ᠬᠦᠴᠦᠲᠡᠶ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠡᠳ᠋ ᠤᠨ ᠵᠠᠰᠠᠭ ᠮᠥᠩᠭᠦᠨ ᠭᠦᠢᠯᠭᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠹᠠᠩ ᠽᠧ ᠣᠷᠣᠯᠴᠠᠵᠠᠢ᠃                                           ᠣᠷᠴᠢᠭᠤᠯᠤᠭᠴᠢ᠄ ᠭᠤᠸ᠎ᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2