【 ᠵᠢᠷᠭᠤᠭᠠᠨ ᠠᠵᠢᠯᠯᠠᠭ᠎ᠠ ᠶᠢ ᠴᠢᠩᠭ᠎ᠠ ᠪᠣᠳᠠᠲᠠᠢ ᠠᠳᠬᠤᠬᠤ 】 ᠯᠢᠶᠠᠩᠴᠧᠩ ᠰᠢᠶᠠᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠄ ᠪᠣᠬᠢᠷ ᠤᠰᠤ ᠶᠢ ᠡᠭᠡᠭᠦᠯᠦᠨ ᠬᠤᠷᠢᠶᠠᠵᠤ ᠰᠢᠢᠳᠪᠦᠷᠢᠯᠡᠵᠤ ᠳᠠᠬᠢᠨ ᠠᠰᠢᠭᠯᠠᠵᠤ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠵᠠᠭᠪᠤᠷ ᠢ ᠥᠷᠭᠡᠳᠬᠡᠨ᠎ᠡ
ᠨᠡᠶᠢᠲᠡᠯᠡᠭᠰᠡᠨ ᠴᠠᠭ᠄
2025/4/9
   ᠯᠢᠶᠠᠩᠴᠧᠩ ᠰᠢᠶᠠᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠤᠯᠤᠰ ᠤᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠳᠤᠮᠳᠡᠬᠢ ᠤᠰᠤ ᠶᠢ ᠡᠭᠡᠭᠦᠯᠦᠨ ᠬᠡᠷᠡᠭᠯᠡᠬᠦ ᠲᠦᠷᠦᠯ ᠵᠦᠢᠯ ᠢ ᠢᠳᠡᠪᠬᠢᠲᠡᠢ ᠠᠬᠢᠭᠤᠯᠵᠤ᠂ ᠰᠢᠢᠳᠪᠦᠷᠢᠯᠡᠭᠰᠡᠨ ᠤ ᠳᠠᠷᠠᠭᠠᠬᠢ ᠳᠤᠮᠳᠠ ᠤᠰᠤ ᠶᠢ ᠳᠠᠬᠢᠯᠲᠠ ᠡᠨᠧᠷᠭᠢ ᠪᠣᠯᠭᠠᠨ ᠬᠤᠪᠢᠷᠠᠭᠤᠯᠵᠤ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠵᠦ᠂ ᠲᠤᠬᠠᠢ ᠶᠢᠨ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠪᠣᠬᠢᠷᠲᠤᠯ ᠦᠭᠡᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃    ᠯᠢᠶᠠᠩᠴᠧᠩ ᠰᠢᠶᠠᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ 2017 ᠣᠨ ᠳᠤ ᠠᠰᠢᠭᠯᠠᠯᠲᠠ ᠳᠤ ᠣᠷᠣᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ ᠤᠨ ᠪᠣᠬᠢᠷ ᠤᠰᠤ ᠯᠢᠶᠠᠩᠴᠧᠩ ᠰᠢᠶᠠᠨ ᠤ ᠬᠤᠲᠠ ᠶᠢᠨ ᠬᠡᠪᠴᠢᠶᠡᠨ ᠤ ᠠᠮᠢᠳᠤᠷᠠᠯ ᠤᠨ ᠪᠣᠬᠢᠷ ᠤᠰᠤ ᠠᠴᠠ ᠢᠷᠡᠯᠲᠡ ᠲᠠᠢ ᠪᠠᠶᠢᠵᠤ᠂ ᠨᠢᠭᠡ ᠰᠢᠷᠢᠰ ᠰᠢᠢᠳᠪᠦᠷᠢᠯᠡᠭᠰᠡᠨ ᠤ ᠳᠠᠷᠠᠭᠠᠬᠢ ᠳᠤᠮᠳᠠ ᠤᠰᠤ ᠶᠢ ᠪᠦᠬᠦᠨ ᠢ ᠳᠠᠭ᠎ᠠ ᠶᠢᠨ ᠨᠠᠭᠤᠷ ᠤᠨ ᠴᠠᠬᠢᠯᠭᠠᠨ ᠤ ᠦᠢᠯᠡᠳᠪᠦᠷᠢ ᠳᠤ ᠬᠦᠷᠭᠡᠵᠦ ᠡᠭᠡᠭᠦᠯᠦᠨ ᠬᠡᠷᠡᠭᠯᠡᠭᠰᠡᠨ ᠨᠢ ᠪᠤᠬᠢᠷ ᠤᠰᠤ ᠶᠢ ᠡᠭᠡᠭᠦᠯᠦᠨ ᠬᠤᠷᠢᠶᠠᠵᠤ ᠣᠷᠴᠢᠨ ᠲᠣᠭᠤᠷᠢᠨ ᠢ ᠪᠣᠬᠢᠷᠲᠤᠭᠤᠯᠬᠤ ᠦᠭᠡᠢ ᠮᠥᠷᠲᠡᠭᠡᠨ ᠳᠠᠭ᠎ᠠ ᠶᠢᠨ ᠨᠠᠭᠤᠷ ᠤᠨ ᠴᠠᠬᠢᠯᠭᠠᠨ ᠤ ᠦᠢᠯᠡᠳᠪᠦᠷᠢ ᠶᠢᠨ ᠦᠢᠯᠡᠳᠪᠦᠷᠢᠯᠡᠯ ᠳᠤ ᠬᠡᠷᠡᠭᠯᠡᠬᠦ ᠤᠰᠤᠨ ᠤ ᠠᠰᠠᠭᠤᠳᠠᠯ ᠢ ᠰᠢᠢᠳᠪᠦᠷᠢᠯᠡᠵᠦ᠂ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠵᠦ᠂ ᠳᠠᠭ᠎ᠠ ᠶᠢᠨ ᠨᠠᠭᠤᠷ ᠤᠨ ᠣᠷᠣᠨ ᠪᠦᠰᠡ ᠶᠢᠨ ᠤᠰᠤᠨ ᠤ ᠡᠬᠢ ᠰᠤᠷᠪᠤᠯᠵᠢ ᠶᠢ ᠪᠦᠲᠦᠮᠵᠢᠲᠡᠢ ᠬᠠᠮᠠᠭᠠᠯᠠᠪᠠ᠃    ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠡᠳᠦᠷ ᠤᠨ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠨᠢ ᠲᠦᠮᠡᠨ ᠲᠣᠨ ᠳᠤ ᠬᠦᠷᠴᠦ᠂ ᠣᠳᠣᠬᠠᠨ ᠳᠤ ᠳᠠᠭᠠᠭᠠᠴᠠ ᠶᠢᠨ ᠨᠣᠷᠮ᠎ᠠ ᠨᠢ 74.71% ᠪᠠᠶᠢᠵᠤ᠂ ᠲᠥᠪᠯᠡᠷᠡᠭᠦᠯᠦᠨ ᠰᠢᠢᠳᠪᠦᠷᠢᠯᠡᠬᠦ ᠨᠣᠷᠮ᠎ᠠ ᠨᠢ 97.54% ᠪᠠᠶᠢᠵᠤ᠂ ᠤᠰᠤ ᠭᠠᠷᠭᠠᠬᠤ ᠤᠰᠤᠨ ᠤ ᠴᠢᠨᠠᠷ ᠨᠢ ᠤᠷᠲᠤ ᠬᠤᠭᠤᠴᠠᠭ᠎ᠠ ᠪᠠᠷ ᠨᠢᠭᠡᠳᠦᠭᠡᠷ ᠳᠡᠰ ᠤᠨ A ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠴᠦ᠂ ᠳᠠᠭ᠎ᠠ ᠶᠢᠨ ᠨᠠᠭᠤᠷ ᠤᠨ ᠤᠰᠤᠨ ᠤ ᠴᠢᠨᠠᠷ ᠢ ᠪᠦᠲᠦᠮᠵᠢᠲᠡᠶ ᠰᠠᠶᠢᠵᠢᠷᠠᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠵᠤ᠂ ᠣᠷᠣᠨ ᠪᠦᠰᠡ ᠶᠢᠨ ᠣᠷᠴᠢᠨ ᠲᠣᠭᠤᠷᠢᠨ ᠢ ᠲᠦᠢᠯ ᠤᠨ ᠶᠡᠭᠡ ᠪᠠᠷ ᠬᠠᠮᠠᠭᠠᠯᠠᠪᠠ᠃    ᠯᠢᠶᠠᠩᠴᠧᠩ ᠰᠢᠶᠠᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠰᠢᠢᠳᠪᠦᠷᠢᠯᠡᠳᠡᠭ ᠤᠷᠠᠯᠠᠯ ᠤᠨ ᠠᠮᠢᠳᠤ ᠪᠣᠳᠠᠰ ᠤᠨ ᠴᠥᠭᠦᠷᠥᠮ ᠨᠢ A/A/O ᠶᠢ ᠰᠠᠶᠢᠵᠢᠷᠠᠭᠤᠯᠬᠤ ᠰᠢᠢᠳᠪᠦᠷᠢᠯᠡᠬᠦ ᠤᠷᠠᠯᠠᠯ + ᠨᠢᠲᠷᠤᠵᠢᠬᠤ ᠦᠬᠡᠢ ᠱᠦᠭᠦᠬᠦ ᠴᠥᠭᠦᠷᠥᠮ + ᠬᠡᠳᠦ ᠱᠦᠭᠦᠬᠦ ᠪᠦᠷᠬᠦᠪᠴᠢ ᠶᠢ ᠰᠢᠢᠳᠪᠦᠷᠢᠯᠡᠬᠦ ᠤᠷᠠᠯᠠᠯ ᠢ ᠬᠡᠷᠡᠭᠯᠡᠵᠦ᠂ ᠪᠦᠳᠦᠭᠦᠯᠢᠭ ᠰᠡᠷᠡᠯᠵᠢ᠂ ᠨᠠᠷᠢᠨ ᠰᠠᠷᠠᠯᠵᠢ᠂ ᠡᠷᠭᠢᠯᠳᠦᠭᠡ ᠤᠷᠤᠰᠬᠠᠯ ᠤᠨ ᠲᠤᠨᠤᠮᠠᠯ ᠡᠯᠡᠰᠦᠨ ᠤ ᠲᠠᠲᠠᠭᠠᠯ᠂ ᠠᠮᠢᠳᠤ ᠪᠣᠳᠠᠰ ᠤᠨ ᠲᠠᠲᠠᠭᠠᠯ᠂ ᠬᠤᠶᠠᠳᠤᠭᠠᠷ ᠲᠤᠨᠤᠮᠠᠯ ᠤᠨ ᠴᠥᠭᠦᠷᠥᠮ ᠵᠡᠷᠭᠡ 8 ᠠᠵᠢᠯ ᠤᠨ ᠳᠡᠰ ᠳᠠᠷᠠᠭᠠᠯᠠᠯ ᠤᠨ ᠰᠢᠢᠳᠪᠦᠷᠢᠯᠡᠯᠲᠡ ᠪᠠᠷ ᠳᠠᠮᠵᠢᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠶᠢ ᠬᠠᠩᠭᠠᠭᠰᠠᠨ ᠤᠷᠢᠲᠠᠯ ᠳᠣᠣᠷ᠎ᠠ᠂ ᠳᠤᠮᠳᠠᠬᠢ ᠤᠰᠤ ᠶᠢ ᠪᠦᠬᠦᠨ ᠢ ᠳᠠᠭ᠎ᠠ ᠶᠢᠨ ᠨᠠᠭᠤᠷ ᠤᠨ ᠴᠠᠬᠢᠯᠭᠠᠨ ᠤ ᠦᠢᠯᠡᠳᠪᠦᠷᠢ ᠳᠤ ᠡᠭᠡᠭᠦᠯᠦᠨ ᠬᠡᠷᠡᠭᠯᠡᠵᠤ᠂ ᠭᠠᠳᠠᠭᠰᠢᠯᠠᠭᠤᠯᠬᠤ ᠦᠬᠡᠢ ᠪᠠᠶᠢᠬᠤ ᠶᠢ ᠪᠡᠶᠡᠯᠡᠭᠦᠯᠪᠡ᠃                       ᠤᠷᠴᠢᠭᠤᠯᠤᠭᠴᠢ᠄ ᠬᠦᠰᠡᠯ                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2