5 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡ᠊ᠨᠳᠡᠯ ᠠᠴᠠ ᠭᠦᠨᠵᠡᠭᠡᠢ ᠰᠤᠷᠭᠠᠮᠵᠢ ᠠᠪᠴᠤ᠂ ᠮᠢᠨᠴᠦᠭᠦᠷᠡᠬᠦ ᠦᠵᠡᠯ | ᠰᠠᠨᠠᠭ᠎ᠠ ᠪᠠ ᠵᠠᠪᠰᠢᠬᠤ ᠰᠡᠳᠬᠢᠴᠡ ᠶᠢ ᠡᠷᠡᠰ ᠲᠡᠪᠴᠢᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ | ᠴᠢᠨᠠᠭᠰᠢᠳᠠ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠲᠠᠯᠠᠪᠤᠷ ᠪᠠ ᠪᠠᠭᠤᠷᠠᠢ | ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ | ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠶᠤᠯ ᠲᠦᠭᠰᠢᠭᠦᠷᠢ ᠶᠢᠨ ᠭᠡᠮ | ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠶᠤᠯᠭᠦᠢ ᠦᠢᠯᠡᠳᠪᠦᠷᠢᠯᠡᠯ ᠤᠨ | ᠠᠷᠭ᠎ᠠ ᠬᠡᠮᠵᠢᠶ᠎ᠡ ᠶᠢ ᠴᠢᠩᠭᠠᠳᠬᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠪᠤᠳᠤᠬᠤ ᠬᠦᠴᠦᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠣᠬᠢᠶᠠᠮᠠᠯ ᠣᠶᠤᠨᠴᠢ ᠠᠵᠤ ᠦᠢᠯᠡᠰ ᠢ | ᠢᠳᠡᠪᠬᠢᠲᠡᠶ ᠪᠠᠶᠢᠷᠢᠰᠢᠭᠤᠯᠵᠤ᠂ ᠰᠢᠨ᠎ᠡ ᠬᠡᠷᠡᠭᠯᠡᠭᠡᠨ ᠤ ᠪᠠᠶᠢᠳᠠᠯ ᠢ ᠬᠦᠴᠦᠯᠡᠨ ᠪᠤᠢ ᠪᠣᠯᠭᠠᠬᠤ ᠬᠡᠷᠡᠭᠲᠡᠶ᠃ | ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠷᠭᠡᠨ ᠤᠯᠠᠨ ᠠᠵᠢᠯᠳᠠᠨ ᠠᠵᠢᠯᠴᠢᠨ ᠪᠣᠯᠤᠨ ᠬᠥᠳᠡᠯᠮᠦᠷᠢᠴᠢᠨ ᠲᠦᠮᠡᠨ ᠤ | ᠤᠯᠠᠭᠠᠨᠴᠠᠪ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠶᠢ | ᠵᠣᠷᠢᠭᠵᠢᠭᠤᠯᠬᠤ ᠬᠡᠷᠡᠭᠲᠡᠢ᠃ ᠮᠠᠨ ᠤ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ | ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ | ᠲᠥᠯᠥᠪᠵᠢᠭᠦᠯᠭᠡ ᠶᠢᠨ ᠵᠣᠯᠭᠠᠯᠴᠠᠭ᠎ᠠ ᠶᠢ ᠴᠢᠩᠭᠠᠳᠬᠠᠨ᠂ ᠲᠣᠰ ᠪᠡᠶ᠎ᠡ ᠶᠢᠨ ᠣᠨᠴᠠᠯᠢᠭ ᠢᠶᠠᠨ ᠢᠯᠡᠷᠡᠭᠦᠯᠵᠦ᠂ ᠪᠥᠬᠦ | ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠬᠤ ᠬᠡᠷᠡᠭᠲᠡᠶ᠃ ᠥᠷᠭᠡᠨ ᠤᠯᠠᠨ ᠵᠠᠯᠠᠭᠤᠴᠤᠳ ᠢ ᠬᠦᠳᠦᠯᠦᠨ ᠵᠢᠯᠣᠭᠤᠳᠴᠤ ᠪᠠᠶᠢᠭᠠᠳ ᠤᠯᠤᠰ ᠭᠡᠷ ᠤᠨ | ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠡᠷᠳᠡᠮ ᠴᠢᠳᠠᠪᠤᠷᠢ ᠶᠢ ᠨᠢ ᠪᠣᠯᠪᠠᠰᠤᠷᠠᠭᠤᠯᠵᠤ᠂ ᠢᠮᠠᠭᠲᠠ ᠨᠠᠮ ᠤᠨ | ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠬᠦᠳᠦᠯᠦᠨ ᠵᠢᠯᠣᠭᠤᠳᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ 4 ᠰᠠᠷ᠎ᠠ ᠶᠢᠨ 25 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ | ᠠᠵᠤ ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ | ᠨᠢᠭᠡᠳᠬᠡᠵᠦ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠵᠤ᠂ | ᠬᠠᠷᠠᠯᠲᠠ ᠡᠭᠦᠷᠭᠡ ᠪᠠᠨ ᠪᠠᠲᠤ ᠡᠵᠡᠮᠳᠡᠵᠦ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠳᠡᠭᠡᠳᠦ | ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠴᠠᠭ ᠮᠥᠴᠡ ᠶᠢ ᠠᠮᠵᠢᠵᠤ᠂ ᠬᠦᠴᠦᠯᠡᠨ ᠲᠡᠮᠡᠴᠡᠵᠦ᠂ | ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠴᠢᠷᠮᠠᠶᠢᠨ | ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |