| | ᠬᠤᠲᠠ ᠶᠢᠨ ᠶᠠᠪᠤᠳᠠᠯ ᠤᠨ ᠬᠤᠭᠤᠯᠠᠶ ᠶᠢ ︽ᠬᠤᠲᠠ ᠶᠢᠨ ᠴᠢᠰᠤᠨ ᠰᠤᠳᠠᠯ︾ ᠭᠡᠵᠦ ᠨᠡᠷᠡᠶᠢᠳᠴᠦ᠂ | ᠬᠤᠲᠠ ᠶᠢᠨ ᠠᠵᠢᠯᠯᠠᠭᠠᠨ ᠤ ︽ᠠᠮᠢᠨ ᠰᠤᠳᠠᠰᠤ︾ ᠮᠥᠨ᠂ ᠪᠠᠰᠠ ᠴᠤ ᠰᠠᠭᠤᠭᠠᠯᠢ ᠠᠷᠠᠳ ᠤᠨ ᠡᠳᠦᠷ | ᠲᠤᠲᠤᠮ ᠤᠨ ᠠᠮᠢᠳᠤᠷᠠᠯ ᠤᠨ ᠰᠠᠭᠤᠷᠢ ᠪᠠᠲᠤᠯᠠᠭ᠎ᠠ ᠮᠥᠨ᠃ ᠣᠶᠢᠷ᠎ᠠ ᠶᠢᠨ ᠡᠳᠦᠷ ᠤᠳ ᠲᠤ᠂ ᠵᠢᠨᠢᠩ | ᠲᠣᠭᠤᠷᠢᠭ ᠨᠢ ᠬᠤᠲᠠ ᠶᠢ ᠰᠢᠨᠡᠳᠬᠡᠬᠦ ᠠᠵᠢᠯ ᠲᠠᠢ ᠤᠶᠠᠯᠳᠤᠭᠤᠯᠤᠨ᠂ ᠬᠤᠭᠤᠯᠠᠶ ᠶᠢᠨ ᠲᠣᠤᠷ ᠤᠨ ᠬᠠᠭᠤᠴᠢᠷᠠᠵᠤ | ᠰᠢᠨᠡᠳᠬᠡᠨ ᠥᠭᠡᠷᠡᠴᠢᠯᠡᠬᠦ ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠬᠤᠲᠠ ᠶᠢᠨ ᠴᠢᠳᠠᠮᠵᠢ ᠶᠢ | ᠦᠨᠡᠨ ᠬᠦ ᠲᠡᠭᠦᠯᠳᠡᠷᠵᠢᠭᠦᠯᠦᠨ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠰᠠᠶᠢᠵᠢᠷᠠᠭᠤᠯᠪᠠ᠃ | ᠭᠦᠩ ᠨᠦᠩ ᠤᠨ ᠡᠮᠦᠨ᠎ᠡ ᠵᠠᠮ ᠪᠣᠯᠤᠨ ᠴᠠᠬᠠᠷ ᠶᠡᠭᠡ ᠵᠡᠭᠡᠯᠢ ᠶᠢᠨ ᠠᠭᠤᠯᠵᠠᠷ ᠠᠴᠠ ᠭᠦᠩ ᠨᠦᠩ ᠤᠨ | ᠡᠮᠦᠨ᠎ᠡ ᠵᠠᠮ ᠪᠣᠯᠤᠨ ᠳᠦᠷᠪᠡᠳ ᠶᠡᠭᠡ ᠵᠡᠭᠡᠯᠢ ᠶᠢᠨ ᠠᠭᠤᠯᠵᠠᠷ ᠤᠨ ᠭᠠᠵᠠᠷ ᠬᠦᠷᠲᠡᠯ᠎ᠡ᠂ ᠪᠣᠬᠢᠷ ᠤᠰᠤ᠂ | ᠪᠣᠷᠣᠭᠠᠨ ᠤ ᠤᠰᠤᠨ ᠤ ᠬᠤᠭᠤᠯᠠᠢ ᠶᠢ ᠬᠠᠭᠤᠴᠢᠷᠠᠭᠤᠯᠤᠨ ᠰᠢᠨᠡᠳᠬᠡᠨ ᠥᠭᠡᠷᠡᠴᠢᠯᠡᠬᠦ ᠪᠠᠷᠢᠯᠭ᠎ᠠ ᠶᠢᠨ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠮᠠᠰᠢᠨ ᠬᠦᠩᠭᠢᠨᠡᠬᠦ ᠳᠠᠭᠤᠨ ᠠᠳᠡ ᠲᠡᠨᠳᠡ | ᠦᠭᠡᠢ ᠴᠤᠤᠷᠢᠶᠠᠲᠤᠵᠤ᠂ ᠪᠠᠷᠢᠯᠭ᠎ᠠ ᠶᠢᠨ ᠠᠵᠢᠯᠲᠠᠳ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ᠂ ᠠᠬᠢᠴᠠ ᠶᠢ | ᠠᠳᠬᠤᠵᠤ᠂ ᠬᠤᠭᠤᠯᠠᠢ ᠤᠲᠠᠰᠤ ᠶᠢ ᠮᠠᠯᠲᠠᠬᠤ᠂ ᠪᠣᠷᠣᠭᠠᠨ ᠤ ᠤᠰᠤᠨ ᠤ ᠬᠤᠳᠳᠤᠭ ᠢ ᠪᠠᠷᠢᠬᠤ ᠪᠠ ᠬᠤᠭᠤᠯᠠᠢ | ᠳᠡᠪᠢᠰᠬᠦ ᠠᠵᠢᠯ ᠢ ᠪᠠᠴᠢᠮ ᠬᠢᠵᠦ᠂ ᠲᠦᠷᠦᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ | ᠲᠤᠰᠢᠶᠠᠬᠤ ᠶᠢ ᠪᠠᠲᠤᠯᠠᠪᠡ᠃ | ᠲᠣᠰ ᠤᠳᠠᠭᠠᠨ ᠤ ᠬᠤᠲᠠ ᠶᠢᠨ ᠶᠠᠪᠤᠳᠠᠯ ᠤᠨ ᠬᠤᠭᠤᠯᠠᠶ ᠶᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠳᠤ | ᠰᠢᠲᠠᠮᠠᠬᠠᠶ ᠬᠡᠶ᠂ ᠪᠣᠷᠣᠭᠠᠨ ᠤ ᠤᠰᠤ᠂ ᠪᠣᠬᠢᠷ ᠤᠰᠤ ᠪᠠ ᠢᠯᠴᠢ ᠬᠠᠩᠭᠠᠬᠤ ᠬᠤᠭᠤᠯᠠᠶ ᠵᠡᠷᠭᠡ ᠳᠥᠷᠪᠡᠨ ᠲᠥᠷᠥᠯ | ᠪᠠᠭᠲᠠᠨ᠎ᠠ᠃ ᠣᠳᠣᠬᠠᠨ ᠳᠤ᠂ ᠰᠢᠨ ᠲᠢ ᠶᠡᠭᠡ ᠵᠡᠭᠡᠯᠢ᠂ ᠭᠦᠩ ᠨᠦᠩ ᠵᠠᠮ᠂ ᠬᠤᠸᠠᠢ ᠶᠤᠸᠠᠨ ᠵᠠᠮ ᠪᠣᠯᠤᠨ | ᠲᠤᠸᠠᠨ ᠵᠢᠶᠧ ᠵᠠᠮ ᠤᠨ ᠬᠡᠰᠡᠭ ᠵᠠᠮ ᠤᠨ ᠬᠡᠰᠡᠭ ᠢ ᠨᠢᠭᠡᠨᠲᠡ ᠠᠵᠢᠯ ᠡᠬᠢᠯᠡᠭᠦᠯᠵᠦ᠂ ᠡᠭᠦᠨ ᠳᠤ᠂ ᠪᠣᠷᠣᠭᠠᠨ ᠤ | ᠤᠰᠤ ᠪᠣᠯᠤᠨ ᠪᠣᠬᠢᠷ ᠤᠰᠤᠨ ᠤ ᠬᠤᠭᠤᠯᠠᠢ ᠶᠢ ᠥᠭᠡᠷᠡᠴᠢᠯᠡᠬᠦ ᠶᠢ ᠵᠢᠱᠢᠯᠲᠡ ᠪᠠᠷ 6 ᠳ᠋ᠤᠭᠠᠷ ᠰᠠᠷ᠎ᠠ ᠶᠢᠨ | ᠰᠡᠭᠦᠯᠴᠢ ᠪᠠᠷ ᠳᠠᠭᠤᠰᠬᠠᠵᠤ᠂ ᠰᠢᠲᠠᠮᠠᠬᠠᠶ ᠬᠡᠶ ᠪᠣᠯᠤᠨ ᠢᠯᠴᠢ ᠬᠠᠩᠭᠠᠬᠤ ᠬᠤᠭᠤᠯᠠᠶ ᠶᠢᠨ ᠪᠠᠷᠢᠯᠭ᠎ᠠ ᠶᠢ | ᠵᠢᠱᠢᠯᠲᠡ ᠪᠠᠷ 8 ᠳ᠋ᠤᠭᠠᠷ ᠰᠠᠷ᠎ᠠ ᠶᠢᠨ ᠰᠡᠭᠦᠯᠴᠢ ᠪᠠᠷ ᠳᠠᠭᠤᠰᠬᠠᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |