ᠲᠥᠪ ᠤᠨ ᠣᠷᠣᠨ ᠲᠤᠭ᠎ᠠ ᠶᠢᠨ ᠠᠯᠪᠠᠨ ᠬᠡᠷ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠡᠮᠦᠨ᠎ᠡ ᠲᠠᠯ᠎ᠠ ᠶᠢᠨ ᠨᠠᠮ ᠤᠨ ᠳᠤᠭᠤᠶᠢᠯᠠᠩ ᠳᠤᠮᠳᠠᠳᠤ ᠤᠯᠤᠰ ᠤᠨ ᠳᠠᠯᠠᠢ ᠶᠢᠨ ᠲᠣᠰᠣᠨ ᠤ ᠵᠦᠸᠧᠽᠢ ᠬᠠᠪᠰᠤᠷᠤᠨ ᠲᠡᠳᠬᠦᠬᠦ ᠪᠦᠯᠬᠦᠮ ᠨᠡᠶᠢᠲᠡ ᠲᠠᠢ ᠬᠠᠮᠲᠤᠷᠠᠨ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/5/12
         ᠤᠯᠠᠭᠠᠨᠴᠠᠪ ᠬᠤᠲᠠ ᠶᠢᠨ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠡ + N ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠪᠰᠤᠷᠤᠨ ᠲᠡᠳᠬᠦᠬᠦ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠬᠠᠪᠰᠤᠷᠤᠨ ᠲᠡᠳᠬᠦᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠠᠮᠲᠤ ᠪᠠᠷ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 10 ᠤ ᠡᠳᠦᠷ᠂ ᠲᠥᠪ ᠤᠨ ᠣᠷᠣᠨ ᠲᠤᠭ᠎ᠠ ᠶᠢᠨ ᠠᠯᠪᠠᠨ ᠭᠡᠷ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠡᠮᠦᠨ᠎ᠡ ᠲᠠᠯ᠎ᠠ ᠶᠢᠨ ᠨᠠᠮ ᠤᠨ ᠳᠤᠭᠤᠶᠢᠯᠠᠩ ᠳᠤᠮᠳᠠᠳᠤ ᠤᠯᠤᠰ ᠤᠨ ᠳᠠᠯᠠᠢ ᠶᠢᠨ ᠲᠣᠰᠣᠨ ᠤ ᠵᠦᠸᠧᠽᠢ ᠬᠠᠪᠰᠤᠷᠤᠨ ᠲᠡᠳᠬᠦᠬᠦ ᠪᠦᠯᠬᠦᠮ ᠨᠡᠶᠢᠲᠡ ᠲᠠᠢ ᠬᠠᠮᠲᠤᠷᠠᠨ ᠪᠠᠶᠢᠴᠠᠭᠠᠨ ᠰᠤᠳᠤᠯᠤᠯᠲᠠ ᠥᠷᠨᠢᠭᠦᠯᠪᠡ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠸᠠᠳᠧ ᠰᠢᠶᠠᠨ ᠤ ᠵᠦᠩ ᠾᠧ ᠾᠦᠢ ᠨᠧᠩ ᠥᠪᠥᠷ ᠮᠣᠩᠭᠤᠯ ᠤᠨ ᠡᠨᠧᠷᠭᠢ ᠶᠢᠨ ᠺᠣᠮᠫᠠᠨᠢ ᠶᠢᠨ ᠬᠤᠸᠠᠳᠧ ᠰᠢᠶᠠᠨ ᠤ ᠰᠠᠯᠬᠢᠨ ᠬᠦᠴᠦᠨ ᠤ ᠴᠠᠬᠢᠯᠭᠠᠨ ᠤ ᠲᠠᠯᠠᠪᠠᠢ᠂ ᠰᠠᠨ ᠰᠢᠶᠠ ᠪᠦᠯᠦᠭᠯᠡᠯ ᠤᠨ ᠬᠤᠸᠠᠳᠧ ᠶᠢᠨ ᠠᠭᠠᠷ ᠤᠨ ᠡᠨᠧᠷᠭᠢ ᠬᠠᠳᠠᠭᠠᠯᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠬᠤᠸᠠᠳᠧ ᠶᠢᠨ ᠠᠷᠢᠬᠢ ᠨᠡᠷᠡᠬᠦ ᠺᠣᠮᠫᠠᠨᠢ᠂ ᠯᠢᠦᠢ ᠴᠤᠸᠠᠨ ᠶᠢᠨ ᠱᠧᠩ ᠺᠣᠮᠫᠠᠨᠢ᠂ ᠱᠧᠩ ᠬᠤᠢ ᠢᠳᠡᠭᠡᠨ ᠤ ᠺᠣᠮᠫᠠᠨᠢ᠂ ᠳ᠋ᠧ ᠱᠠᠩ ᠾᠦᠢ ᠨᠦᠩ ᠺᠣᠮᠫᠠᠨᠢ ᠵᠡᠷᠭᠡ ᠭᠠᠵᠠᠷ ᠲᠤ ᠭᠦᠨᠵᠡᠭᠡᠶᠢᠷᠡᠨ ᠠᠵᠤ ᠠᠬᠤᠶᠢᠯᠠᠯ ᠤᠨ ᠪᠠᠶᠢᠳᠠᠯ ᠵᠢᠴᠢ ᠬᠥᠭᠵᠢᠯᠲᠡ ᠶᠢᠨ ᠬᠡᠷᠡᠭᠴᠡᠭᠡ ᠶᠢ ᠣᠶᠢᠯᠠᠭᠠᠪᠠ᠃ ᠬᠤᠶᠠᠷ ᠲᠠᠯ᠎ᠠ ᠪᠠᠷ ᠢᠶᠠᠨ ᠬᠤᠸᠠᠳᠧ ᠶᠢᠨ ᠨᠡᠷ᠎ᠡ ᠬᠦᠨᠳᠦᠲᠦ ᠣᠨᠴᠠᠯᠢᠭ ᠲᠠᠢ ᠤᠶᠠᠯᠳᠤᠭᠤᠯᠤᠨ ᠳᠤᠮᠳᠠᠳᠤ ᠤᠯᠤᠰ ᠤᠨ ᠲᠠᠯᠠᠢ ᠶᠢᠨ ᠲᠤᠰᠤᠨ ᠤ ᠪᠦᠯᠦᠭᠯᠡᠯ ᠤᠨ ᠳᠠᠪᠠᠭᠤᠯᠢᠭ ᠢ ᠪᠠᠳᠠᠷᠠᠭᠤᠯᠵᠤ᠂ ᠬᠤᠸᠠᠳᠧ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠤᠬᠠᠢ ᠭᠦᠨᠵᠡᠭᠡᠢ ᠰᠤᠳᠤᠯᠤᠨ ᠶᠠᠷᠢᠯᠴᠠᠭᠰᠠᠨ ᠪᠥᠭᠡᠳ ᠬᠡᠷᠡᠭᠯᠡᠭᠡ ᠪᠠᠷ ᠶᠠᠳᠠᠭᠤ ᠶᠢ ᠲᠡᠳᠬᠦᠬᠦ᠂ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢᠨ ᠲᠤᠬᠠᠢ ᠠᠩᠬ᠎ᠠ ᠠᠯᠬᠤᠮ ᠤᠨ ᠰᠠᠨᠠᠮᠵᠢ ᠶᠢ ᠪᠦᠷᠢᠯᠳᠦᠭᠦᠯᠵᠡᠢ᠃    ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠢᠦᠢ ᠳ᠋ᠧ ᠵᠤᠭᠠᠴᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠠᠮᠲᠤ ᠪᠠᠶᠢᠴᠠᠭᠠᠨ ᠰᠤᠳᠤᠯᠤᠯᠲᠠ ᠬᠢᠵᠡᠢ᠃            ᠤᠷᠴᠢᠭᠤᠯᠤᠭᠴᠢ᠄ ᠬᠦᠰᠡᠯ            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2