| | ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠠᠵᠢᠯ | ᠶᠠᠪᠤᠳᠠᠯ ᠭᠦᠢᠴᠡᠳᠬᠡᠬᠦ ᠥᠩᠭᠡᠷᠡᠯᠲᠡ ᠶᠢ ᠰᠢᠯᠢᠳᠡᠭᠵᠢᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠲᠣᠰ ᠡᠳᠦᠷ ᠠᠴᠠ | ᠡᠬᠢᠯᠡᠨ ᠪᠥᠬᠦ ᠣᠷᠣᠨ ᠤ ᠡᠯ᠎ᠡ ᠱᠠᠲᠤᠨ ᠤ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠶᠡᠭᠡ ᠲᠢᠩᠬᠢᠮ ᠳᠤ ᡁᠢ ᠹᠦ᠋ | ᠪᠤᠤ ︽ᠨᠢᠬᠡ ᠳᠠᠷᠤᠵᠤ · ᠭᠡᠷᠡᠴᠢᠯᠡᠬᠦ︾ ᠰᠦᠯᠵᠢᠶᠡᠨ ᠭᠠᠳᠠᠨᠠᠬᠢ ᠭᠡᠷᠡᠴᠢᠯᠡᠯ ᠤᠨ ᠠᠷᠭ᠎ᠠ ᠮᠠᠶ᠋ᠢᠭ ᠢ ᠰᠢᠨ᠎ᠡ ᠪᠠᠷ | ᠨᠡᠮᠡᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠨᠠᠩ ᠥᠨᠳᠥᠷ ᠪᠦᠲᠦᠮᠵᠢᠲᠡᠶ᠂ ᠳᠥᠭᠦᠮ ᠳᠥᠲᠡ | ᠦᠢᠯᠡᠴᠢᠯᠡᠭᠡ ᠬᠠᠩᠭᠠᠪᠠ᠃ | ᠣᠶᠢᠯᠠᠭᠠᠭᠰᠠᠨ ᠢᠶᠠᠷ᠂ ᠲᠣᠰ ᠭᠡᠷᠡᠴᠢᠯᠡᠯ ᠤᠨ ᠠᠷᠭ᠎ᠠ ᠮᠠᠶ᠋ᠢᠭ ᠨᠢ ᠡᠯ᠎ᠡ ᠱᠠᠲᠤᠨ ᠤ ᠨᠡᠶᠢᠭᠡᠮ ᠤᠨ | ᠪᠠᠲᠤᠯᠠᠭ᠎ᠠ ᠶᠢᠨ ᠦᠢᠯᠡᠴᠢᠯᠡᠭᠡᠨ ᠤ ᠲᠣᠤᠷ ᠴᠡᠭ ᠲᠤ ᠲᠤᠰᠬᠠᠶ ᠭᠡᠷᠡᠴᠢᠯᠡᠭᠡ ᠶᠢᠨ ᠲᠡᠮᠳᠡᠭ ᠫᠠᠶᠢᠰᠠ ᠪᠠᠶᠢᠷᠢᠯᠠᠭᠤᠯᠵᠤ᠂ | NFC ᠤᠨ ᠣᠶᠢᠷ᠎ᠠ ᠲᠠᠯᠠᠪᠠᠶ ᠶᠢᠨ ᠴᠢᠮᠡᠭᠡ ᠬᠤᠯᠪᠣᠭᠠᠨ ᠤ ᠮᠡᠷᠭᠡᠵᠢᠯ ᠢ ᠬᠡᠷᠡᠭᠯᠡᠨ ᠲᠦᠷᠭᠡᠨ ᠭᠡᠷᠡᠴᠢᠯᠡᠬᠦ ᠶᠢ | ᠪᠡᠶᠡᠯᠡᠭᠦᠯᠪᠡ᠃ ᠡᠨᠡ ᠬᠦ ᠰᠢᠨ᠎ᠡ ᠠᠷᠭ᠎ᠠ ᠵᠠᠮ ᠨᠢ ᠣᠲᠣ ᠶᠢᠨ ᠪᠠᠶᠢᠭ᠎ᠠ ᠭᠡᠷᠡᠴᠢᠯᠡᠯ ᠤᠨ ᠠᠷᠭ᠎ᠠ ᠮᠠᠶ᠋ᠢᠭ ︵ | ᠵᠢᠱᠢᠶᠡᠯᠡᠪᠡᠯ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | APP᠂ ᠡᠯᠧᠺᠲᠷᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ︶ ᠢ ᠪᠦᠲᠦᠮᠵᠢᠲᠡᠶ ᠨᠥᠬᠦᠪᠦᠷᠢᠯᠡᠬᠦ ᠪᠠᠷ ᠪᠠᠷᠠᠬᠤ | ᠥᠬᠡᠶ᠂ ᠤᠤᠯ ᠤᠨ ᠭᠡᠷᠡᠴᠢᠯᠡᠭᠡ ᠶᠢᠨ ᠠᠷᠭ᠎ᠠ ᠵᠠᠮ ᠨᠢ ᠴᠦ ᠦᠷᠭᠦᠯᠵᠢᠯᠡᠨ ᠬᠡᠪ ᠤᠨ ᠶᠣᠰᠣᠭᠠᠷ ᠦᠢᠯᠡᠴᠢᠯᠡᠭᠡ | ᠬᠠᠩᠭᠠᠬᠤ ᠪᠣᠯᠤᠨ᠎ᠠ᠃ | ᠲᠠᠷᠠᠭᠠᠴᠢ ᠶᠢᠨ ᠠᠯᠬᠤᠮ ᠳᠤ᠂ ᠯᠢᠶᠠᠩᠴᠧᠩ ᠰᠢᠶᠠᠨ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ | ᠣᠯᠠᠨ ᠲᠠᠯᠠᠲᠤ ᠭᠡᠷᠡᠴᠢᠯᠡᠯ ᠤᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠰᠢᠯᠢᠳᠡᠭᠵᠢᠭᠦᠯᠵᠦ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠶᠠᠪᠤᠳᠠᠯ ᠭᠦᠢᠴᠡᠳᠭᠡᠬᠦ ᠦᠢᠯᠡᠴᠢᠯᠡᠭᠡᠨ ᠤ | ᠲᠢᠩᠬᠢᠮ ᠳᠤ ᠪᠠᠶᠢᠷᠢᠯᠠᠭᠤᠯᠤᠭᠰᠠᠨ ᠲᠤᠰᠬᠠᠶ ᠭᠡᠷᠡᠴᠢᠯᠡᠭᠡ ᠶᠢᠨ ᠲᠡᠮᠳᠡᠭ ᠫᠠᠶᠢᠰᠠ ᠪᠠᠷ ᠳᠠᠮᠵᠢᠭᠤᠯᠤᠨ᠂ NFC ᠤᠨ | ᠣᠶᠢᠷ᠎ᠠ ᠲᠠᠯᠠᠪᠤᠷ ᠤᠨ ᠴᠢᠮᠡᠭᠡ ᠬᠤᠯᠪᠣᠭᠠᠨ ᠤ ᠮᠡᠷᠭᠡᠵᠢᠯ ᠢ ᠬᠡᠷᠡᠭᠯᠡᠨ ᠲᠦᠷᠭᠡᠨ ᠭᠡᠷᠡᠴᠢᠯᠡᠯ ᠢ ᠪᠡᠶᠡᠯᠡᠭᠦᠯᠵᠦ᠂ | ᠡᠭᠦᠨ ᠤ ᠤᠯᠠᠮ ᠠᠴᠠ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠳᠠᠲᠤ ᠶᠠᠪᠤᠳᠠᠯ ᠬᠢᠵᠦ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠳᠣᠲᠣᠨᠣ | ᠦᠢᠯᠡᠴᠢᠯᠡᠭᠡ ᠪᠠᠷ ᠥᠷᠭᠡᠨ ᠣᠯᠠᠨ ᠲᠦᠮᠡᠨ ᠢ ᠳᠤᠯᠠᠭᠠᠴᠠᠭᠤᠯᠤᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |