ᠠᠵᠠ ᠲᠣᠬᠢᠶᠠᠯ ᠢ ᠠᠮᠵᠢᠨ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ ᠳᠠᠪᠠᠭᠤᠯᠢᠭ ᠢᠶᠠᠨ ᠠᠭᠤᠳᠠᠯᠤᠨ ᠰᠢᠨ᠎ᠡ ᠠᠶᠠᠨ ᠢᠶᠠᠨ ᠡᠬᠢᠯᠡᠭᠦᠯᠪᠡ -- ᠬᠤᠸᠠᠳᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠳ᠋ᠢᠶᠤᠤ ᠴᠦᠨ ᠬᠠᠢ ᠶᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2025/5/13
         ᠴᠠᠭ᠄ 2025-03-04    ᠰᠤᠷᠪᠤᠯᠵᠢᠯᠠᠭ᠎ᠠ ᠬᠦᠯᠢᠶᠡᠭᠴᠢ᠄ ᠬᠤᠸᠠᠳᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠳ᠋ᠢᠶᠤᠤ ᠴᠦᠨ ᠬᠠᠶ    ᠳᠤᠪᠴᠢ ᠠᠭᠤᠯᠭ᠎ᠠ    ︽ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠵᠢᠯ ᠤᠨ ᠳ᠋ᠦᠩᠨᠡᠯᠲᠡ ᠨᠢ ᠦᠨᠡᠨ ᠠᠴᠠ ᠵᠥᠪ ᠢ ᠡᠷᠢᠵᠦ᠂ ᠠᠵᠢᠯ ᠤᠨ ᠪᠠᠶᠢᠷᠢᠯᠠᠭᠤᠯᠤᠯᠲᠠ ᠨᠢ ᠪᠤᠰᠤᠳᠴᠢ ᠪᠥᠭᠡᠳ ᠪᠣᠳᠠᠲᠤ ᠪᠠᠶᠢᠳᠠᠯ ᠲᠠᠢ ᠪᠠᠶᠢᠵᠤ᠂ ᠨᠢᠭᠡ ᠪᠦᠯᠦᠭ ᠲᠤᠭ᠎ᠠ ᠪᠠᠷᠢᠮᠲᠠ᠂ ᠵᠦᠢᠯ ᠵᠦᠢᠯ ᠤᠨ ᠡᠭᠦᠷᠭᠡ ᠨᠢ ᠬᠥᠮᠦᠰ ᠢ ᠵᠣᠷᠢᠭᠵᠢᠭᠤᠯᠤᠮ᠎ᠠ ᠪᠠᠶᠢᠬᠤ ᠪᠥᠭᠡᠳ ᠮᠠᠨ ᠤ ᠠᠵᠢᠯ ᠢᠶᠠᠨ ᠰᠠᠶᠢᠲᠤᠷ ᠬᠢᠬᠦ ᠢᠲᠡᠭᠡᠯ ᠵᠣᠷᠢᠭ ᠢ ᠪᠠᠲᠤᠳᠬᠠᠵᠠᠢ︾ ᠭᠡᠵᠡᠢ᠃ ᠬᠤᠸᠠᠳᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠳ᠋ᠢᠶᠤᠤ ᠴᠦᠨ ᠬᠠᠢ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠬᠤᠸᠠᠳᠧ ᠰᠢᠶᠠᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ ᠭᠡᠵᠦ ᠢᠯᠡᠳᠬᠡᠪᠡ᠃    ᠰᠤᠷᠪᠤᠯᠵᠢᠯᠠᠭ᠎ᠠ ᠶᠢᠨ ᠪᠣᠳᠠᠳᠤ ᠲᠡᠮᠳᠡᠭᠯᠡᠯ     ︽ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠵᠢᠯ ᠤᠨ ᠳ᠋ᠦᠩᠨᠡᠯᠲᠡ ᠨᠢ ᠦᠨᠡᠨ ᠠᠴᠠ ᠵᠥᠪ ᠢ ᠡᠷᠢᠵᠦ᠂ ᠠᠵᠢᠯ ᠤᠨ ᠪᠠᠶᠢᠷᠢᠯᠠᠭᠤᠯᠤᠯᠲᠠ ᠨᠢ ᠪᠤᠰᠤᠳᠴᠢ ᠪᠥᠭᠡᠳ ᠪᠣᠳᠠᠲᠤ ᠪᠠᠶᠢᠳᠠᠯ ᠲᠠᠢ ᠪᠠᠶᠢᠵᠤ᠂ ᠨᠢᠭᠡ ᠪᠦᠯᠦᠭ ᠲᠤᠭ᠎ᠠ ᠪᠠᠷᠢᠮᠲᠠ᠂ ᠵᠦᠢᠯ ᠵᠦᠢᠯ ᠤᠨ ᠡᠭᠦᠷᠭᠡ ᠨᠢ ᠬᠥᠮᠦᠰ ᠢ ᠵᠣᠷᠢᠭᠵᠢᠭᠤᠯᠤᠮ᠎ᠠ ᠪᠠᠶᠢᠬᠤ ᠪᠥᠭᠡᠳ ᠮᠠᠨ ᠤ ᠠᠵᠢᠯ ᠢᠶᠠᠨ ᠰᠠᠶᠢᠲᠤᠷ ᠬᠢᠬᠦ ᠢᠲᠡᠭᠡᠯ ᠵᠣᠷᠢᠭ ᠢ ᠪᠠᠲᠤᠳᠬᠠᠵᠠᠢ︾ ᠭᠡᠵᠡᠢ᠃ ᠬᠤᠸᠠᠳᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠳ᠋ᠢᠶᠤᠤ ᠴᠦᠨ ᠬᠠᠢ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠬᠤᠸᠠᠳᠧ ᠰᠢᠶᠠᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ ᠭᠡᠵᠦ ᠢᠯᠡᠳᠬᠡᠪᠡ᠃    ᠳ᠋ᠢᠶᠤᠤ ᠴᠦᠨ ᠬᠠᠶ ᠲᠠᠨᠢᠯᠴᠠᠭᠤᠯᠤᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠪᠠ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠲᠦᠪᠡᠭᠲᠡᠶ ᠠᠰᠠᠭᠤᠳᠠᠯ ᠤᠨ ᠡᠮᠦᠨ᠎ᠡ᠂ ᠬᠤᠸᠠᠳᠧ ᠰᠢᠶᠠᠨ ᠠᠵᠠ ᠲᠣᠬᠢᠶᠠᠯ ᠢ ᠠᠮᠵᠢᠨ᠂ ᠥᠷᠢᠰᠥᠯᠳᠦᠭᠡᠨ ᠢ ᠤᠭᠲᠤᠵᠤ᠂ ᠣᠯᠠᠨ ᠵᠦᠢᠯ ᠤᠨ ᠭᠤᠤᠯ ᠪᠣᠯᠬᠤ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠲᠠᠰᠤᠷᠠᠯᠲᠠ ᠥᠬᠡᠶ ᠰᠠᠶᠢᠵᠢᠷᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠳᠡᠭᠡᠭᠰᠢᠯᠡᠵᠦ᠂ ᠡᠯ᠎ᠡ ᠵᠦᠢᠯ ᠤᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠠᠴᠠ ᠨᠠᠰᠢᠬᠢ ᠥᠭᠡᠳᠡᠯᠡᠨ ᠳᠠᠪᠰᠢᠬᠤ ᠢᠳᠡᠪᠬᠢᠲᠡᠶ ᠪᠠᠶᠢᠳᠠᠯ ᠢ ᠪᠠᠲᠤᠯᠠᠪᠠ᠃    ᠣᠳᠣᠬᠢᠴᠢᠯᠠᠯᠳᠡ ᠶᠢᠨ ᠪᠦᠲᠦᠭᠡᠨ ᠪᠠᠶᠢᠭᠤᠯᠤᠯᠲᠠ ᠳᠤ ᠬᠡᠷᠬᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠪᠤᠢ︖ ᠳ᠋ᠢᠶᠣᠤ ᠴᠦᠨ ᠬᠠᠢ ᠢᠯᠡᠳᠭᠡᠭᠰᠡᠨ ᠨᠢ᠂ ᠭᠤᠣᠯᠳᠠᠭᠤ ᠭᠤᠷᠪᠠᠨ ᠲᠠᠯ᠎ᠠ ᠠᠴᠠ ᠨᠠᠶᠢᠳᠠᠪᠤᠷᠢᠵᠢᠭᠤᠯᠤᠨ᠎ᠠ᠃    ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠵᠦ᠂ ᠤᠯᠠᠮᠵᠢᠯᠠᠯᠲᠤ ᠠᠵᠤ ᠦᠢᠯᠡᠰ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠨ᠎ᠠ᠃ ᠬᠤᠸᠠᠳᠧ ᠰᠢᠶᠠᠨ ᠵᠣᠬᠢᠰᠲᠠᠶ ᠠᠭᠤᠵᠢᠭᠤ ᠪᠠᠶᠢᠯᠭᠠᠬᠤ ᠵᠣᠭᠤᠰᠣᠨ ᠤ ᠲᠥᠷᠥ ᠶᠢᠨ ᠪᠣᠳᠣᠯᠭ᠎ᠠ ᠵᠢᠴᠢ ︽ᠬᠤᠶᠠᠷ ᠬᠦᠨᠳᠦ︾ ︽ᠬᠤᠶᠠᠷ ᠰᠢᠨ᠎ᠡ︾ ᠵᠡᠷᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠤᠨᠴᠠᠯᠢᠬᠳᠤ ᠠᠵᠤ ᠦᠢᠯᠡᠰ ᠤᠨ ᠲᠥᠮᠥᠰᠥ ᠶᠢᠨ ᠦᠷ᠎ᠡ ᠶᠢᠨ ᠲᠥᠮᠥᠰᠥ ᠶᠢ ᠪᠤᠶᠢᠵᠢᠭᠤᠯᠤᠨ ᠦᠷᠡᠵᠢᠭᠦᠯᠬᠦ ᠶᠢ ᠳᠥᠯᠭᠢᠨ ᠠᠬᠢᠭᠤᠯᠵᠤ᠂ ᠲᠥᠮᠥᠰᠥ ᠶᠢᠨ ᠵᠢᠵᠢᠭ ᠪᠠᠯᠭᠠᠰᠤ ᠶᠢ ᠪᠣᠶ ᠪᠣᠯᠭᠠᠨ᠎ᠠ︔ ᠠᠷᠠᠳ ᠢ ᠪᠠᠶᠠᠵᠢᠭᠤᠯᠬᠤ ᠠᠵᠤ ᠦᠢᠯᠡᠰ ᠤᠨ ᠬᠤᠪᠴᠠᠰᠤᠨ ᠤ ᠠᠵᠤ ᠦᠢᠯᠡᠰ ᠤᠨ ᠨᠠᠷᠢᠯᠢᠭᠵᠢᠭᠤᠯᠬᠤ ᠬᠠᠮᠢᠶᠠᠷᠤᠯᠲᠠ ᠶᠢ ᠠᠬᠢᠭᠤᠯᠵᠤ᠂ ᠮᠡᠷᠭᠡᠵᠢᠯ ᠤᠨ ᠥᠭᠡᠷᠡᠴᠢᠯᠡᠯᠲᠡ ᠶᠢᠨ ᠲᠠᠰ ᠳᠡᠪᠰᠢᠬᠦ ᠶᠢ ᠲᠦᠷᠭᠡᠳᠬᠡᠨ᠂ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠤᠨ᠎ᠠ︔ ᠲᠤᠯᠭᠠᠭᠤᠷᠢ ᠠᠵᠤ ᠦᠢᠯᠡᠰ ᠤᠨ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠨᠥᠭᠡᠴᠡ ᠶᠢ ᠰᠢᠯᠢᠳᠡᠭᠵᠢᠬᠦᠯᠵᠣ ᠬᠡᠮᠵᠢᠶ᠎ᠡ ᠶᠢ ᠨᠡᠮᠡᠭᠳᠡᠭᠦᠯᠬᠦ ᠶᠢ ᠠᠬᠢᠭᠤᠯᠵᠤ᠂ ᠵᠢᠯ ᠤᠨ ᠳᠣᠲᠣᠷ᠎ᠠ ᠦᠢᠯᠡᠳᠪᠦᠷᠢᠯᠡᠬᠦ ᠴᠢᠳᠠᠪᠤᠷᠢ ᠶᠢ 260 ᠲᠦᠮᠡᠨ ᠲᠣᠨ ᠳᠠᠪᠠᠭᠤᠯᠬᠤ ᠪᠠᠷ ᠴᠢᠷᠮᠠᠶᠢᠨ᠎ᠠ︔ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠠᠬᠢᠭᠤᠯᠵᠤ᠂ ᠼᠤᠤ ᠹᠸᠢ ᠳ᠋ᠢᠶᠠᠨ ᠭᠠᠷᠠᠮ ᠤᠨ ᠬᠤᠸᠠᠳᠧ ᠳᠣᠲᠣᠭᠠᠳᠤ ᠬᠠᠭᠤᠷᠠᠶ ᠶᠢᠨ ᠭᠠᠷᠠᠮ ᠢ ᠪᠠᠶᠢᠭᠤᠯᠵᠤ᠂ ᠪᠠᠷᠠᠭᠤᠨ ᠣᠷᠣᠨ ᠤ ᠣᠯᠠᠨ ᠤᠯᠤᠰ ᠤᠨ ᠡᠬᠡ ᠬᠠᠭᠤᠷᠠᠶ ᠲᠡᠯᠡᠶ ᠶᠢᠨ ᠬᠠᠮᠲᠤᠷᠠᠭᠰᠠᠨ ᠲᠡᠭᠡᠭᠡᠪᠦᠷᠢ ᠶᠢᠨ ᠰᠢᠨ᠎ᠡ ᠵᠠᠮ ᠢ ᠨᠡᠪᠲᠡᠷᠡᠭᠦᠯᠦᠨ᠎ᠡ᠃    ᠥᠩᠭᠡ ᠦᠵᠡᠮᠵᠢ ᠶᠢᠨ ᠳᠠᠪᠠᠭᠤᠯᠢᠭ ᠢ ᠠᠭᠤᠳᠠᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠰᠢᠨ᠎ᠡ ᠬᠥᠳᠡᠯᠭᠡᠭᠦᠷ ᠪᠣᠯᠭᠠᠨ᠎ᠠ᠃ ᠬᠤᠸᠠᠳᠧ ᠰᠢᠶᠠᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ᠂ ᠰᠢᠩᠭᠡᠭᠡᠯᠳᠡ ᠶᠢᠨ ᠬᠡᠷᠡᠭᠯᠡᠬᠡᠨ ᠤ ᠲᠠᠯ᠎ᠠ ᠪᠠᠷ ᠠᠷᠭ᠎ᠠ ᠤᠬᠠᠭᠠᠨ ᠭᠠᠷᠭᠠᠵᠤ᠂ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠤᠯᠤᠯᠲᠠ᠂ ᠡᠬᠢ ᠰᠤᠷᠪᠤᠯᠵᠢ ᠴᠠᠬᠢᠯᠭᠠᠨ ᠤ ᠲᠣᠣᠷ ᠤᠨ ᠳᠠᠭᠠᠭᠠᠴᠠ ᠨᠦᠬᠡᠴᠡ ᠵᠡᠷᠭᠡ 9 ᠲᠦᠷᠦᠯ ᠵᠦᠢᠯ ᠢ ᠰᠠᠶᠢᠲᠤᠷ ᠠᠳᠬᠤᠵᠤ᠂ ᠵᠢᠯ ᠤᠨ ᠳᠣᠲᠣᠷ᠎ᠠ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 300 ᠲᠦᠮᠡᠨ ᠺᠢᠯᠤᠸᠠᠲ ᠠᠴᠠ ᠳᠠᠪᠠᠭᠤᠯᠬᠤ ᠪᠠᠷ ᠴᠢᠷᠮᠠᠶᠢᠨ᠎ᠠ︔ ᠲᠢᠲ᠋ᠠᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠢᠦᠢ ᠰᠢᠶᠤᠤ ᠮᠧᠩ ᠳ᠋ᠠ 65 ᠲᠦᠮᠡᠨ ᠲᠣᠨ ᠸᠠᠨᠠᠳᠢ ᠲᠢᠲ᠋ᠠᠨ ᠤ ᠰᠠᠭᠤᠷᠢ ᠮᠠᠲ᠋ᠧᠷᠢᠶᠠᠯ ᠤᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠢ ᠪᠠᠶᠢᠭᠤᠯᠤᠨ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠢᠯ ᠳᠤ 2 ᠲᠦᠮᠡᠨ ᠲᠣᠨ ᠲᠢᠲ᠋ᠠᠨ ᠤ ᠬᠦᠩᠭᠡᠨ ᠴᠠᠭᠠᠨ ᠤ ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠪᠦᠬᠦ ᠤᠯᠤᠰ ᠤᠨ ᠨᠣᠭᠤᠭᠠᠨ ᠲᠢᠲ᠋ᠠᠨ ᠤ ᠬᠤᠳᠠ ᠶᠢ ᠪᠠᠶᠢᠭᠤᠯᠤᠨ᠎ᠠ᠃    ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠵᠤᠵᠠᠭᠠᠳᠬᠠᠵᠤ᠂ ᠤᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ ᠢ ᠨᠡᠮᠡᠭᠳᠡᠬᠦᠯᠦᠨ᠎ᠡ᠃ ᠬᠤᠸᠠᠳᠧ ᠰᠢᠶᠠᠨ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠴᠢᠩᠭᠠᠳᠬᠠᠵᠤ᠂ ᠡᠯ᠎ᠡ ᠵᠦᠢᠯ ᠤᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠦᠨᠳᠦᠰᠦᠨ ᠡᠮ ᠡᠮᠨᠡᠯᠭᠡ ᠶᠢᠨ ︽ᠨᠢᠭᠡ ᠥᠷᠲᠡᠭᠡᠨ ᠤ ᠮᠠᠶ᠋ᠢᠭ︾ ᠤᠨ ᠳ᠋ᠦᠩᠨᠡᠨ ᠪᠤᠳᠤᠬᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ︔ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠪᠠᠷᠢᠮᠲᠠᠯᠠᠵᠤ᠂ ᠤᠯᠠᠨ ᠠᠷᠭ᠎ᠠ ᠵᠠᠮ ᠢᠶᠠᠷ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠵᠤ᠂ ᠬᠤᠳᠠ ᠪᠠᠯᠭᠠᠰᠤᠨ ᠤ ᠠᠵᠢᠯ ᠠᠯᠭᠤᠯᠳᠠ ᠶᠢᠨ ᠬᠦᠮᠦᠨ ᠢ 300 ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ ᠡᠮ ᠡᠮᠨᠡᠯᠭᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ᠂ ᠡᠮ ᠡᠮᠨᠡᠯᠭᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠠᠷᠠᠳ ᠤᠯᠠᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠦᠨ᠎ᠡ᠃    ᠲᠡᠮᠡᠴᠡᠯ ᠢᠶᠠᠷ ᠰᠢᠨ᠎ᠡ ᠠᠶᠠᠨ ᠢ ᠡᠬᠢᠯᠡᠭᠦᠯᠵᠦ᠂ ᠪᠣᠳᠠᠲᠠᠢ ᠠᠵᠢᠯᠯᠠᠬᠤ ᠪᠠᠷ ᠢᠷᠠᠭᠤ ᠬᠠᠭᠤᠳᠠᠰᠤ ᠶᠢ ᠪᠢᠴᠢᠭᠯᠡᠨ᠎ᠡ᠃ ᠳ᠋ᠢᠶᠣᠤ ᠴᠦᠨ ᠬᠠᠢ᠂ ᠬᠤᠸᠠᠳᠧ ᠰᠢᠶᠠᠨ ᠦᠷᠭᠦᠯᠵᠢᠯᠡᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠥᠷᠯᠥᠭᠡ ᠦᠳᠡᠰᠢ ᠶᠢ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠤᠸᠠᠳᠧ ᠶᠢᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃                  ᠵᠣᠬᠢᠶᠠᠭᠴᠢ᠄ ᠯᠢᠦ ᠫᠧᠩ              ᠤᠷᠴᠢᠭᠤᠯᠤᠭᠴᠢ᠄ ᠬᠦᠰᠡᠯ              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2