| | ᠣᠶᠢᠷ᠎ᠠ ᠳᠤ᠂ ᠬᠤᠸᠠᠳᠧ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠬᠥᠮᠦᠨ ᠣᠯᠠᠨ | ᠴᠤᠭᠯᠠᠷᠠᠳᠠᠭ ᠲᠠᠯᠠᠪᠤᠷ ᠲᠤ ᠭᠦᠨᠵᠡᠭᠡᠶᠢᠷᠡᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ | ᠬᠠᠮᠤᠭ ᠤᠨ ᠪᠣᠳᠠᠲᠠᠶ ᠠᠵᠢᠯ ᠣᠯᠭᠤᠯᠲᠠ ᠶᠢᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠥᠷᠭᠡᠨ ᠣᠯᠠᠨ | ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ | ᠳᠡᠭᠡᠭᠰᠢᠯᠡᠭᠦᠯᠬᠦ ᠶᠢᠨ ᠲᠥᠯᠥᠭᠡ ᠶᠤᠮ᠃ | ᠠᠵᠢᠯᠯᠠᠭ᠎ᠠ ᠶᠢᠨ ᠳᠤᠮᠳᠠ᠂ ᠠᠵᠢᠯᠲᠠᠳ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠤᠬᠠᠭᠤᠯᠭ᠎ᠠ ᠶᠢᠨ | ᠬᠠᠭᠤᠳᠠᠰᠤ ᠲᠠᠷᠬᠠᠭᠠᠬᠤ ᠶᠢᠨ ᠬᠠᠮᠲᠤ ᠠᠰᠠᠭᠤᠨ ᠯᠠᠪᠯᠠᠬᠤ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠣᠯᠠᠨ ᠳᠤ | ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠵᠡᠷᠭᠡ ᠳᠣᠲᠣᠨᠣ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ᠂ ᠠᠵᠢᠯ | ᠡᠷᠢᠭᠰᠡᠳ ᠤᠨ ᠠᠵᠢᠯ ᠣᠯᠵᠤ ᠦᠢᠯᠡᠰ ᠪᠤᠰᠬᠠᠬᠤ ᠲᠥᠷᠥ ᠶᠢᠨ ᠪᠣᠳᠣᠯᠭ᠎ᠠ᠂ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠨᠥᠬᠦᠪᠥᠷᠢ᠂ ᠨᠡᠶᠢᠭᠡᠮ ᠤᠨ ᠳᠠᠭᠠᠳᠬᠠᠯ ᠤᠨ ᠲᠤᠰᠢᠶᠠᠬᠤ ᠵᠡᠷᠭᠡ ᠠᠰᠠᠭᠤᠳᠠᠯ ᠳᠤ | ᠬᠦᠯᠢᠴᠡᠩᠭᠦᠶ ᠪᠠᠷ ᠬᠠᠷᠢᠭᠤᠯᠲᠠ ᠥᠭᠴᠦ᠂ ᠠᠵᠢᠯ ᠡᠷᠢᠭᠰᠡᠳ ᠢ ᠬᠠᠪᠰᠤᠷᠤᠨ ᠠᠵᠢᠯ ᠣᠯᠭᠤᠬᠤ ᠴᠢᠭᠯᠡᠯ ᠢ ᠨᠢ | ᠲᠣᠳᠣᠷᠬᠠᠶ ᠪᠣᠯᠭᠠᠵᠤ᠂ ᠠᠵᠢᠯ ᠤᠯᠬᠤ ᠥᠷᠢᠰᠥᠯᠳᠦᠬᠦ ᠬᠦᠴᠦᠨ ᠢ ᠨᠢ ᠨᠡᠮᠡᠭᠳᠡᠭᠦᠯᠦᠨ᠂ ᠠᠵᠢᠯ ᠡᠷᠢᠭᠰᠡᠳ ᠤᠨ | ᠬᠦᠰᠡᠯ ᠢ ᠨᠢ ᠤᠷᠤᠭᠰᠢᠲᠠᠶ ᠲᠣᠭᠲᠠᠭᠠᠬᠤ ᠳᠤ ᠬᠦᠴᠦᠨ ᠨᠡᠮᠡᠷᠢᠯᠡᠪᠡ᠃ ᠠᠵᠢᠯᠯᠠᠭ᠎ᠠ ᠳᠤ ᠡᠯ᠎ᠡ ᠲᠥᠷᠥᠯ ᠤᠨ | ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 800 ᠭᠠᠷᠤᠶ ᠬᠤᠪᠢ ᠲᠠᠷᠬᠠᠭᠠᠵᠤ᠂ ᠲᠤᠬᠠᠶ ᠶᠢᠨ ᠲᠠᠯᠠᠪᠤᠷ ᠲᠤ 180 | ᠭᠠᠷᠤᠶ ᠬᠥᠮᠦᠨ ᠤ ᠠᠰᠠᠭᠤᠨ ᠯᠠᠪᠯᠠᠭ᠎ᠠ ᠳᠤ ᠬᠠᠷᠢᠭᠤᠯᠲᠠ ᠥᠭᠪᠡ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠠᠵᠢᠯ ᠣᠯᠵᠤ ᠦᠢᠯᠡᠰ ᠪᠤᠰᠬᠠᠬᠤ ᠲᠥᠷᠥ ᠶᠢᠨ | ᠪᠣᠳᠣᠯᠭ᠎ᠠ ᠶᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠤ᠂ ᠠᠵᠢᠯ ᠣᠯᠵᠤ ᠦᠢᠯᠡᠰ ᠪᠤᠰᠬᠠᠬᠤ | ᠲᠥᠷᠥ ᠶᠢᠨ ᠪᠣᠳᠣᠯᠭ᠎ᠠ ᠶᠢᠨ ᠨᠡᠶᠢᠭᠡᠮ ᠤᠨ ᠣᠶᠢᠯᠠᠭᠠᠯᠲᠠ ᠶᠢᠨ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ | ᠥᠷᠭᠡᠳᠬᠡᠭᠰᠡᠨ ᠢᠶᠠᠷ ᠪᠠᠷᠠᠬᠤ ᠥᠬᠡᠶ᠂ ᠠᠵᠢᠯ ᠣᠯᠵᠤ ᠦᠢᠯᠡᠰ ᠪᠤᠰᠬᠠᠬᠤ ᠬᠡᠷᠡᠭᠴᠡᠭᠡ ᠪᠥᠬᠦᠶ ᠣᠯᠠᠨ ᠲᠦᠮᠡᠨ ᠳᠤ | ᠨᠠᠩ ᠬᠦᠴᠦᠲᠡᠶ ᠳᠡᠮᠵᠢᠯᠭᠡ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠸᠠᠳᠧ ᠰᠢᠶᠠᠨ ᠤ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠠᠵᠢᠯ ᠣᠯᠭᠤᠬᠤ ᠦᠢᠯᠡᠰ ᠪᠤᠰᠬᠠᠬᠤ ᠲᠦᠷᠦ ᠶᠢᠨ ᠪᠤᠳᠤᠯᠭ᠎ᠠ ᠶᠢᠨ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠤᠯᠠᠨ ᠲᠦᠮᠡᠨ ᠳᠤ ᠬᠠᠮᠢᠶ᠎ᠠ ᠪᠦᠬᠦᠢ ᠠᠵᠢᠯ | ᠣᠯᠭᠤᠬᠤ ᠦᠢᠯᠡᠰ ᠪᠤᠰᠬᠠᠬᠤ ᠲᠦᠷᠦ ᠶᠢᠨ ᠪᠤᠳᠤᠯᠭ᠎ᠠ ᠶᠢ ᠤᠢᠢᠯᠠᠭᠠᠭᠤᠯᠬᠤ ᠶᠢᠨ ᠬᠠᠮᠲᠤ ᠤᠯᠠᠨ ᠠᠷᠭ᠎ᠠ ᠵᠠᠮ ᠢᠶᠠᠷ | ᠤᠯᠠᠨ ᠲᠦᠮᠡᠨ ᠳᠤ ᠠᠵᠢᠯ ᠣᠯᠭᠤᠯᠲᠠ ᠶᠢᠨ ᠮᠡᠳᠡᠭᠡ ᠵᠠᠩᠭᠢ ᠬᠠᠩᠭᠠᠵᠤ᠂ ᠤᠯᠠᠨ ᠲᠦᠮᠡᠨ ᠤ ᠠᠵᠢᠯ ᠣᠯᠵᠤ | ᠦᠢᠯᠡᠰ ᠪᠤᠰᠬᠠᠬᠤ ᠳᠤ ᠢᠳᠡᠪᠬᠢᠲᠡᠢ ᠬᠦᠴᠦᠨ ᠨᠡᠮᠡᠷᠢᠯᠡᠵᠦ᠂ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ | ᠶᠢ ᠯᠠᠪᠳᠠᠭᠤᠨ ᠪᠠᠲᠤᠲᠠᠢ ᠠᠬᠢᠭᠤᠯᠬᠤ ᠪᠣᠯᠤᠨ᠎ᠠ᠃ | ᠵᠣᠬᠢᠶᠠᠭᠴᠢ᠄ ᠸᠠᠩ ᠶᠢᠨ ᠫᠧᠩ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |