5 ᠰᠠᠷ᠎ᠠ ᠶᠢᠨ 13 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠤᠸᠠᠢ ᠶᠠᠨ ᠮᠧᠶ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 5 ᠳ᠋ᠤᠭᠠᠷ ᠤᠳᠠᠭᠠᠨ ᠤ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠡᠮᠦᠨ᠎ᠡ ᠬᠠᠤᠯᠢ ᠰᠤᠷᠤᠯᠴᠠᠬᠤ ᠶᠢ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ | ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠲᠥᠪ ᠤᠨ ᠬᠤᠯᠪᠣᠭᠳᠠᠯ ᠪᠦᠬᠦᠢ ᠬᠤᠷᠠᠯ ᠵᠢᠴᠢ ᠥᠪᠡᠷᠲᠡᠭᠡᠨ | ᠵᠠᠰᠠᠬᠤ ᠣᠷᠣᠨ ᠤ ᠤᠢᠢᠷ᠎ᠠ ᠶᠢᠨ ᠬᠤᠭᠤᠴᠠᠭᠠᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠨ᠂ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠦᠨᠡᠨᠬᠦ ᠬᠤᠪᠢᠷᠠᠭᠤᠯᠬᠤ ᠬᠡᠷᠡᠭᠲᠡᠢ᠃ | ᠠᠰᠠᠭᠤᠳᠠᠯ ᠢ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠪᠠᠶᠢᠩᠭᠤᠵᠢᠭᠰᠠᠨ | ᠤᠷᠳᠤ ᠬᠤᠭᠤᠴᠠᠭᠠᠨ ᠤ ᠪᠦᠲᠦᠮᠵᠢᠲᠡᠢ ᠲᠦᠷᠢᠮ ᠲᠣᠭᠲᠠᠴᠠ ᠶᠢ ᠪᠦᠷᠢᠨᠰᠢᠬᠦᠯᠵᠤ᠂ ᠰᠤᠷᠲᠠᠯ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ | ᠤᠬᠠᠮᠰᠠᠷ ᠠᠴᠠ ᠪᠠᠨ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |