5 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠵᠢᠨᠢᠩ ᠲᠣᠭᠤᠷᠢᠭ ᠲᠤ | ᠵᠠᠭᠠᠯᠳᠤᠬᠤ ᠠᠴᠠ ᠡᠮᠦᠨ᠎ᠡ ᠡᠶᠡᠳᠡᠭᠦᠯᠬᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠵᠡᠷᠭᠡ ᠠᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠳᠣᠷᠣᠭᠰᠢ ᠪᠠᠭᠤᠵᠤ ᠰᠤᠷᠪᠤᠯᠵᠢᠯᠠᠭ᠎ᠠ ᠶᠢ | ᠬᠦᠯᠢᠶᠡᠨ ᠠᠪᠬᠤ ᠠᠵᠢᠯ ᠢ ᠥᠷᠨᠢᠭᠦᠯᠪᠡ᠃ | ᠵᠢᠨᠢᠩ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠵᠠᠭᠠᠯᠳᠤᠯᠭ᠎ᠠ ᠡᠶᠡᠳᠡᠭᠦᠯᠬᠦ ᠶᠢ ᠵᠣᠯᠭᠠᠭᠤᠯᠬᠤ ᠲᠥᠪ | ᠪᠣᠯᠤᠨ ᠵᠢᠨᠢᠩ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠲᠤ᠂ ᠵᠧᠦ ᠺᠠᠢ ᠲᠥᠪ ᠤᠨ ᠴᠢᠳᠠᠮᠵᠢ ᠶᠢᠨ ᠣᠷᠣᠨ | ᠪᠦᠰᠡ ᠶᠢᠨ ᠬᠤᠪᠢᠶᠠᠷᠢᠯᠠᠯ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠤᠭ᠎ᠠ ᠬᠡᠮᠵᠢᠶ᠎ᠡ ᠪᠣᠯᠤᠨ ᠦᠷ᠎ᠡ ᠪᠦᠲᠦᠮᠵᠢ | ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠲᠣᠭᠲᠠᠴᠠ ᠶᠢ | ᠭᠦᠨᠵᠡᠭᠡᠶᠢᠷᠡᠭᠦᠯᠵᠦ᠂ ᠲᠤᠰᠬᠠᠢ ᠮᠡᠷᠭᠡᠵᠢᠯ ᠤᠨ ᠡᠶᠡᠳᠡᠭᠦᠯᠬᠦ ᠬᠦᠴᠦᠨ ᠢ ᠨᠡᠶᠢᠳᠬᠡᠵᠦ᠂ ᠵᠥᠷᠢᠴᠡᠯ ᠵᠢᠭᠤᠷᠠᠯᠳᠤᠭᠠᠨ ᠢ | ᠰᠢᠢᠳᠪᠦᠷᠢᠯᠡᠬᠦ ᠠᠴᠠ ᠡᠮᠦᠨ᠎ᠡ ᠰᠢᠢᠳᠪᠦᠷᠢᠯᠡᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠠᠵᠢᠯ ᠤᠨ ᠲᠣᠭᠲᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ | ᠥᠨᠳᠥᠷ ᠪᠠᠷᠢᠮᠵᠢᠶ᠎ᠠ ᠪᠠᠷ ᠠᠬᠢᠭᠤᠯᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯ ᠤᠨ | ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ | ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ | ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠭᠰᠠᠭᠠᠯ ᠤᠨ ᠭᠠᠵᠠᠷ ᠢ ᠰᠠᠶᠢᠲᠤᠷ ᠪᠥᠲᠥᠭᠡᠨ ᠪᠠᠶᠢᠭᠤᠯᠵᠤ᠂ ᠵᠥᠷᠢᠴᠡᠯ | ᠵᠢᠭᠤᠷᠠᠯᠳᠤᠭᠠᠨ ᠢ ᠰᠠᠶᠢᠲᠤᠷ ᠰᠢᠢᠳᠪᠦᠷᠢᠯᠡᠵᠦ᠂ ᠠᠮᠤᠷ ᠠᠮᠤᠭᠤᠯᠠᠩ ᠤᠯᠠᠭᠠᠨᠴᠠᠪ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠬᠡᠯᠡᠪᠡ᠃ | ᠵᠢᠨᠢᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ᠂ ᠵᠧᠦ ᠺᠠᠢ ᠰᠤᠷᠪᠤᠯᠵᠢᠯᠠᠬᠤ ᠪᠠᠷ | ᠢᠷᠡᠭᠰᠡᠨ ᠤᠯᠠᠨ ᠲᠦᠮᠡᠨ ᠢ ᠬᠠᠯᠠᠭᠤᠨ ᠢᠶᠠᠷ ᠬᠦᠯᠢᠶᠡᠨ ᠠᠪᠴᠤ᠂ ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠢ | ᠰᠣᠨᠣᠰᠴᠤ᠂ ᠬᠤᠯᠪᠣᠭᠳᠠᠯ ᠪᠦᠬᠦᠢ ᠲᠠᠯ᠎ᠠ ᠪᠠᠷ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ | ᠲᠦᠷᠭᠡᠨ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠰᠠᠶᠢᠲᠤᠷ ᠬᠠᠮᠠᠭᠠᠯᠠᠬᠤ | ᠬᠡᠷᠡᠭᠲᠡᠢ ᠭᠡᠵᠦ ᠱᠠᠭᠠᠷᠳᠠᠪᠠ᠃ ᠲᠡᠷᠡ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ︽ᠤᠴᠢᠷ ᠶᠠᠪᠤᠳᠠᠯ ᠢ | ᠰᠢᠢᠳᠪᠦᠷᠢᠯᠡᠵᠦ᠂ ᠰᠡᠳᠬᠢᠯ ᠤᠨ ᠵᠣᠪᠠᠯᠠᠩ ᠢ ᠠᠷᠢᠯᠭᠠᠬᠤ︾ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ | ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ | ᠲᠣᠭᠲᠠᠭᠠᠯ ᠶᠣᠰᠣᠭᠠᠷ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠬᠡᠷᠡᠭᠲᠡᠶ᠃ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ | ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ | ᠰᠢᠢᠳᠪᠦᠷᠢᠯᠡᠵᠦ᠂ ᠴᠤᠬᠤᠶᠢᠵᠤ ᠪᠠᠶᠢᠬᠤ ᠳᠤᠨᠢ ᠠᠷᠢᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ᠃ | ᠵᠠᠩ ᠶᠦᠩ ᠸᠧᠨ᠂ ᠰᠦᠢ ᠵᠢᠶᠠᠨ ᠬᠤᠸᠠ ᠣᠷᠣᠯᠴᠠᠵᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |