5 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠶ ᠶᠢᠨ | ᠠᠵᠢᠯᠯᠠᠭᠠᠨ ᠤ ᠵᠠᠳᠠᠯᠤᠯᠲᠠ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠥᠪ ᠣᠨᠣᠪᠴᠢᠲᠠᠢ ᠠᠵᠢᠯ ᠤᠨ | ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠲᠤᠭ᠎ᠠ ᠪᠦᠷᠢᠳᠬᠡᠯ ᠤᠨ ᠠᠵᠢᠯ ᠤᠨ | ᠳᠦᠷᠢᠮᠵᠢᠯᠲᠡ᠂ ᠵᠢᠷᠤᠮᠵᠢᠯᠲᠠ᠂ ᠬᠠᠤᠯᠢᠵᠢᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠤᠭ᠎ᠠ | ᠪᠦᠷᠢᠳᠬᠡᠯ ᠤᠨ ᠬᠤᠳᠠᠯ ᠬᠠᠭᠤᠷᠮᠠᠭ ᠢᠶᠠᠷ ᠵᠣᠬᠢᠶᠠᠬᠤ ᠶᠢ ᠡᠷᠡᠰ ᠰᠡᠷᠭᠡᠶᠢᠯᠡᠨ ᠵᠠᠯᠬᠠᠭᠠᠨ ᠰᠢᠢᠳᠬᠡᠬᠦ ᠬᠡᠷᠡᠭᠲᠡᠢ᠃ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠠᠳᠠᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ | ᠭᠤᠶᠤᠴᠢᠯᠠᠨ ᠮᠡᠳᠡᠭᠦᠯᠵᠦ ᠬᠥᠮᠥᠷᠭᠡ ᠳᠤ ᠣᠷᠣᠭᠤᠯᠬᠤ᠂ ᠲᠡᠰ ᠳᠡᠪᠰᠢᠭᠦᠯᠵᠦ ᠨᠢᠭᠡᠳᠦᠯᠲᠡᠢ ᠪᠣᠯᠭᠠᠬᠤ ᠵᠡᠷᠭᠡ | ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠪᠦᠷᠢᠳᠬᠡᠪᠡᠰᠦ ᠵᠣᠬᠢᠬᠤ ᠶᠢ ᠨᠢ ᠪᠦᠬᠦᠨ ᠢ ᠪᠦᠷᠢᠳᠬᠡᠵᠦ᠂ ᠲᠤᠭ᠎ᠠ | ᠪᠦᠷᠢᠳᠬᠡᠯ ᠤᠨ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠬᠤᠳᠠ ᠶᠢᠨ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠥᠬᠦ ᠣᠷᠣᠨ ᠤ ᠠᠵᠤ ᠠᠬᠤᠶ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠵᠣᠷᠢᠭ | ᠰᠠᠨᠠᠭ᠎ᠠ ᠶᠢ ᠤᠯᠠᠮ ᠨᠢᠭᠡ ᠠᠯᠬᠤᠮ ᠤᠯᠠᠮᠵᠢᠯᠠᠨ ᠰᠤᠷᠤᠯᠴᠠᠵᠤ᠂ 1 - 4 ᠳ᠋ᠦ᠋ᠭᠡᠷ ᠰᠠᠷ᠎ᠠ ᠶᠢᠨ ᠪᠥᠬᠦ ᠬᠤᠲᠠ ᠶᠢᠨ | ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠵᠠᠳᠠᠯᠵᠤ᠂ ᠪᠠᠶᠢᠳᠠᠯ ᠢ ᠭᠦᠨᠵᠡᠭᠡᠶ ᠵᠠᠳᠠᠯᠵᠤ᠂ ᠵᠥᠷᠢᠶ᠎ᠡ ᠶᠢ | ᠰᠡᠷᠭᠡᠭ ᠢᠶᠠᠷ ᠲᠣᠳᠣᠷᠬᠠᠶ ᠲᠠᠨᠢᠵᠤ᠂ ︽ᠨᠢᠭᠡ ᠱᠤᠭᠤᠮ︾ ᠤᠨ ᠶᠣᠰᠣᠭᠠᠷ ᠨᠠᠶᠢᠳᠠᠪᠤᠷᠢᠵᠢᠭᠤᠯᠤᠯᠲᠠ ᠶᠢ ᠠᠳᠬᠤᠬᠤ | ᠲᠣᠭᠲᠠᠴᠠ ᠶᠣᠰᠣᠭᠠᠷ᠂ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢ ᠨᠥᠬᠦᠪᠥᠷᠢᠯᠡᠬᠦ᠂ ᠲᠦᠭᠵᠢᠷᠡᠯ ᠢ | ᠨᠡᠪᠲᠡᠷᠡᠭᠦᠯᠬᠦ ᠶᠢ ᠪᠠᠷᠢᠮᠲᠠᠯᠠᠵᠤ᠂ ᠨᠠᠷᠢᠯᠢᠭ ᠣᠨᠣᠴᠠᠲᠠᠶ ᠬᠦᠴᠦᠲᠡᠶ ᠠᠷᠭ᠎ᠠ ᠬᠡᠮᠵᠢᠶ᠎ᠡ ᠠᠪᠴᠤ᠂ ᠠᠵᠤ ᠠᠬᠤᠶ ᠶᠢᠨ | ᠠᠵᠢᠯᠯᠠᠭᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ | ᠬᠡᠷᠡᠭᠯᠡᠭᠡ ᠶᠢ ᠬᠥᠭᠵᠢᠭᠡᠬᠦ᠂ ᠠᠵᠤ ᠦᠢᠯᠡᠰ ᠤᠨ ᠬᠥᠭᠵᠢᠯᠲᠡ ᠵᠡᠷᠭᠡ ᠡᠯ᠎ᠡ ᠵᠦᠢᠯ ᠤᠨ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠲᠡᠷᠢᠭᠦᠨ ᠳᠤ ᠣᠷᠣᠬᠤ ᠪᠠᠷ | ᠴᠢᠷᠮᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ | ᠪᠠᠲᠤᠲᠠᠶ ᠥᠷᠨᠢᠭᠦᠯᠵᠦ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠶᠢ ᠪᠣᠳᠠᠲᠠᠶ ᠪᠥᠭᠡᠳ ᠨᠠᠷᠢᠯᠢᠭ | ᠬᠢᠵᠦ᠂ ᠣᠯᠠᠨ ᠲᠦᠮᠡᠨ ᠢ ᠦᠨᠡᠨ ᠬᠦ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠶ᠃ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠳ᠋ ᠤᠨ ᠵᠠᠰᠠᠭ ᠮᠥᠩᠭᠦᠨ ᠭᠦᠢᠯᠭᠡᠭᠡ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠬᠤᠷᠢᠭ᠎ᠠ | ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |