ᠯᠢᠶᠠᠩᠴᠧᠩ ᠰᠢᠶᠠᠨ ᠤ ᠣᠯᠠᠨ ᠰᠠᠯᠠᠭ᠎ᠠ ᠮᠥᠴᠢᠷ ᠬᠠᠮᠲᠤᠷᠠᠨ ᠰᠢᠶᠠᠨ ᠤ ᠬᠡᠪᠴᠢᠶᠡᠨ ᠤ ᠨᠠᠰᠤᠲᠠᠨ ᠢ ᠠᠰᠠᠷᠠᠬᠤ ᠬᠦᠷᠢᠶᠡᠯᠡᠩ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/5/16
   ᠾᠧᠪᠸᠢ ᠮᠤᠵᠢ ᠶᠢᠨ ᠴᠧᠩᠳᠧ ᠬᠤᠲᠠ ᠶᠢᠨ ᠨᠠᠰᠤᠲᠠᠨ ᠢ ᠠᠰᠠᠷᠠᠬᠤ ᠨᠢᠭᠡ ᠬᠦᠷᠢᠶᠡᠯᠡᠩ ᠤᠨ ᠭᠠᠯ ᠤᠨ ᠭᠠᠮᠰᠢᠭ ᠤᠨ ᠠᠳᠡᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠬᠤ ᠶᠢᠨ ᠲᠥᠯᠥᠭᠡ᠂ ᠤᠶᠢᠷ᠎ᠡ ᠶᠢᠨ ᠡᠳᠦᠷ᠂ ᠯᠢᠶᠠᠩᠴᠧᠩ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠥᠷᠨᠢᠭᠦᠯᠪᠡ᠃ ᠨᠠᠰᠤᠲᠠᠨ ᠢ ᠠᠰᠠᠷᠠᠬᠤ ᠬᠦᠷᠢᠶᠡᠯᠡᠩ ᠤᠨ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ ᠨᠢ ᠰᠠᠭᠠᠳ ᠦᠭᠡᠶ ᠨᠡᠪᠲᠡᠷᠡᠬᠦ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠨᠢ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠬᠢᠵᠠᠭᠠᠷ ᠢ ᠲᠣᠳᠣᠷᠬᠠᠶᠢᠯᠠᠬᠤ ᠶᠢᠨ ᠬᠠᠮᠲᠤ ᠭᠠᠯ ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠡᠳᠦᠷ ᠲᠤᠲᠤᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠬᠡᠷᠡᠭᠲᠡᠶ ᠭᠡᠵᠦ ᠳᠠᠬᠢᠨᠲᠠ ᠴᠢᠬᠤᠯᠠᠴᠢᠯᠠᠪᠠ᠃ ᠬᠠᠮᠲᠤᠷᠠᠨ ᠪᠠᠶᠢᠴᠠᠭᠠᠬᠤ ᠪᠠᠷ ᠳᠠᠮᠵᠢᠨ᠂ ᠬᠠᠷᠢᠶ᠎ᠠ ᠣᠷᠣᠨ ᠤ ᠨᠠᠰᠤᠵᠢᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠢ ᠪᠦᠲᠦᠮᠵᠢᠲᠡᠶ ᠵᠢᠭᠰᠠᠭᠠᠨ ᠪᠠᠶᠢᠴᠠᠭᠠᠪᠠ᠃    ᠲᠠᠷᠠᠭᠠᠴᠢ ᠶᠢᠨ ᠠᠯᠬᠤᠮ ᠳᠤ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠠᠬᠢ ᠠᠮᠤᠷ ᠲᠦᠪᠰᠢᠨ ᠤ ᠪᠠᠶᠢᠴᠠᠭᠠᠯᠲᠠ ᠪᠠᠨ ᠦᠷᠭᠦᠯᠵᠢᠯᠡᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠦᠷᠢᠯᠳᠦᠭᠦᠯᠵᠦ᠂ ᠬᠠᠷᠢᠶᠠᠲᠤ ᠣᠷᠣᠨ ᠤ ᠨᠠᠰᠤᠲᠠᠶᠢᠴᠤᠳ ᠲᠤ ᠠᠮᠤᠷ ᠲᠦᠪᠰᠢᠨ᠂ ᠲᠠᠭᠠᠯᠠᠮᠵᠢᠲᠠᠶ᠂ ᠬᠠᠯᠠᠭᠤᠨ ᠳᠤᠯᠠᠭᠠᠨ ᠨᠠᠰᠤᠵᠢᠯ ᠤᠨ ᠠᠰᠠᠷᠠᠮᠵᠢ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2