| | ᠭᠤᠸᠠᠨ ᠾᠦᠢ ᠮᠢᠩ ᠡᠯ᠎ᠡ ᠤᠯᠤᠰ ᠤᠨ ᠰᠤᠷᠪᠤᠯᠵᠢᠯᠠᠭᠴᠢ ᠳᠤ ᠮᠠᠨ ᠤ ᠬᠤᠲᠠ ᠶᠢᠨ ᠣᠲᠣ ᠦᠶ᠎ᠡ ᠶᠢᠨ | ᠲᠦᠬᠦᠭᠡᠷᠦᠮᠵᠢᠲᠦ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢᠨ ᠠᠮᠵᠢᠯᠲᠠ ᠪᠦᠲᠦᠮᠵᠢ ᠶᠢ ᠲᠠᠨᠢᠯᠴᠠᠭᠤᠯᠵᠤ | ᠪᠠᠶᠢᠭ᠎ᠠ ᠨᠢ᠃ ᠭᠥᠸᠧ ᠰᠢᠶᠤᠤ ᠶᠠᠨ ᠰᠡᠭᠦᠲᠡᠷᠯᠡᠪᠡ | | 5 ᠰᠠᠷ᠎ᠠ ᠶᠢᠨ 14 ᠤ ᠡᠳᠦᠷ ᠠᠴᠠ 16 ᠤ ᠡᠳᠦᠷ ᠪᠣᠯᠲᠠᠯ᠎ᠠ᠂ ᠲᠦᠷᠺ᠂ ᠨᠠᠤᠯᠣᠰ᠂ ᠢᠷᠡᠨ᠂ ᠮᠣᠩᠭᠤᠯ᠂ | ᠸᠢᠶᠧᠳ᠋ᠨᠠᠮ᠂ ᠫᠠᠺᠢᠰᠲ᠋ᠠᠨ᠂ ᠢᠨᠳᠣᠨᠧᠰᠢᠶ᠎ᠠ ᠵᠡᠷᠭᠡ 19 ᠤᠯᠤᠰ ᠠᠴᠠ ᠢᠷᠡᠭᠰᠡᠨ 23 ᠭᠠᠳᠠᠭᠠᠳᠤ ᠶᠢᠨ | ᠵᠠᠭᠤᠴᠢᠯᠠᠭᠤᠷ ᠤᠨ ᠰᠤᠷᠪᠤᠯᠵᠢᠯᠠᠭᠴᠢ ᠤᠯᠤᠰ ᠤᠨ ᠳᠣᠲᠣᠭᠠᠳᠤ ᠶᠢᠨ ᠭᠤᠤᠯ ᠵᠠᠭᠤᠴᠢᠯᠠᠭᠤᠷ ᠤᠨ | ᠰᠤᠷᠪᠤᠯᠵᠢᠯᠠᠭᠴᠢ ᠲᠠᠢ ᠭᠠᠷ ᠬᠤᠯᠪᠣᠯᠴᠠᠨ ᠤᠯᠠᠭᠠᠨᠴᠠᠪ ᠲᠤ ᠬᠦᠷᠴᠦ᠂ ᠤᠯᠠᠭᠠᠨᠴᠠᠪ ᠤᠨ ᠭᠤᠶᠤ ᠦᠵᠡᠮᠵᠢ᠂ | ᠠᠮᠲᠠᠲᠤ ᠢᠳᠡᠭᠡᠨ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠣᠶᠣᠯ ᠢ ᠦᠵᠡᠨ ᠣᠶᠢᠯᠠᠭᠠᠵᠤ᠂ ᠤᠯᠠᠭᠠᠨᠴᠠᠪ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ᠂ ᠪᠣᠬᠢᠷᠲᠤᠯ ᠥᠬᠡᠶ | ᠡᠨᠧᠷᠭᠢ ᠶᠢᠨ ᠬᠥᠭᠵᠢᠯᠲᠡ᠂ ᠣᠳᠣᠬᠢᠴᠢᠯᠠᠭᠰᠠᠨ ᠰᠢᠨ᠎ᠡ ᠬᠡᠯᠪᠡᠷᠢ ᠶᠢᠨ ᠲᠠᠷᠢᠶᠠᠯᠠᠩ ᠵᠢᠴᠢ ᠭᠠᠳᠠᠭᠠᠳᠤ | ᠨᠡᠭᠡᠭᠡᠯᠲᠡ ᠶᠢᠨ ᠴᠢᠨᠠᠷ ᠰᠠᠶᠢᠲᠠᠶ ᠬᠥᠭᠵᠢᠯᠲᠡ ᠶᠢᠨ ᠰᠤᠳᠠᠰᠤ ᠶᠢ ᠪᠡᠶ᠎ᠡ ᠪᠠᠷ ᠢᠶᠠᠨ ᠣᠶᠢᠯᠠᠭᠠᠪᠠ᠃ | ᠵᠤᠬᠢᠶᠠᠭᠴᠢ᠄ ᠯᠢ ᠵᠢᠩ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |