5 ᠰᠠᠷ᠎ᠠ ᠶᠢᠨ 16 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ | ᠳᠤᠭᠤᠶᠢᠯᠠᠩ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠪᠦᠬᠦ ᠨᠠᠮ ᠤᠨ ᠲᠥᠪ ᠬᠤᠷᠢᠶᠠᠨ ᠤ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠠᠳ ᠣᠯᠤᠭᠰᠠᠨ ᠢᠯᠡᠳᠲᠡ ᠦᠷ᠎ᠡ ᠪᠦᠲᠦᠮᠵᠢ | ᠪᠣᠯᠤᠨ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠪᠠᠷ ᠭᠤᠣᠯ ᠰᠡᠳᠦᠪ ᠪᠣᠯᠭᠠᠨ ᠬᠠᠮᠲᠤ ᠶᠢᠨ | ᠰᠤᠷᠤᠯᠴᠠᠯᠭ᠎ᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠬᠤᠷᠠᠯ ᠡᠷᠭᠢᠯᠡᠭᠰᠡᠨ ᠪᠥᠭᠡᠳ | ᠶᠠᠷᠢᠶ᠎ᠠ ᠲᠠᠯᠪᠢᠵᠠᠶ᠃ | ᠬᠤᠷᠠᠯ ᠳᠡᠭᠡᠷ᠎ᠡ᠂ ᠯᠢ ᠶᠦᠩ᠂ ᠯᠢᠶᠠᠩ ᠶᠦᠩ ᠵᠢᠶᠧ ᠲᠣᠰ ᠲᠣᠰ ︽ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠭᠰᠠᠨ | ᠦᠷ᠎ᠡ ᠪᠦᠲᠦᠮᠵᠢ ᠪᠠ ᠲᠤᠷᠰᠢᠯᠭ᠎ᠠ︾᠂ ︽ᠨᠠᠢᠮᠠᠨ ᠲᠣᠭᠲᠠᠭᠠᠯ ᠳᠤᠮᠳᠠᠳᠤ ᠤᠯᠤᠰ ᠢ ᠬᠤᠪᠢᠷᠠᠭᠤᠯᠤᠨ᠎ᠠ︾ ᠭᠡᠬᠦ | ᠨᠣᠮ ᠢ ᠳᠠᠭᠠᠭᠤᠯᠤᠨ ᠰᠤᠷᠤᠯᠴᠠᠪᠠ᠃ ᠬᠤᠷᠠᠯ ᠳᠤ ᠣᠷᠣᠯᠴᠠᠭᠰᠠᠨ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠵᠧᠦ ᠺᠠᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠠᠴᠠ ᠣᠯᠤᠭᠰᠠᠨ ᠢᠯᠡᠳᠲᠡ ᠦᠷ᠎ᠡ ᠪᠦᠲᠦᠮᠵᠢ ᠪᠠ | ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠪᠣᠯ ᠪᠢᠳᠡᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠡᠷᠬᠢᠮ ᠨᠠᠨᠳᠢᠨ ᠥᠪ ᠬᠦᠷᠦᠩᠬᠡ ᠮᠥᠨ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠤᠷᠤᠯᠴᠠᠯᠭ᠎ᠠ | ᠬᠥᠮᠦᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠰᠤᠷᠤᠯᠴᠠᠨ ᠣᠶᠢᠯᠠᠭᠠᠵᠤ | ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠶᠡᠷᠦᠩᠬᠡᠶ ᠱᠦᠵᠢ | ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ | ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠰᠤᠷᠤᠯᠴᠠᠬᠤ | ᠰᠤᠷᠤᠯᠴᠠᠯᠭ᠎ᠠ ᠬᠥᠮᠦᠵᠢᠯ ᠤᠨ ᠪᠥᠬᠦ ᠶᠠᠪᠤᠴᠠ ᠳᠤ ᠦᠷᠭᠦᠯᠵᠢᠯᠡᠨ ᠲᠤᠭᠤᠰᠢᠯᠠᠭᠤᠯᠵᠤ᠂ ᠶᠠᠭᠤᠨ ᠳᠤ ᠲᠣᠭᠲᠠᠭᠠᠭᠰᠠᠨ | ᠪᠠᠶᠢᠬᠤ᠂ ᠬᠡᠷᠬᠢᠨ ᠦᠵᠡᠬᠦ᠂ ᠬᠡᠷᠬᠢᠨ ᠲᠤᠭᠤᠰᠢᠯᠠᠭᠤᠯᠬᠤ ᠶᠢ ᠤᠯᠠᠮ ᠨᠢᠭᠡ ᠠᠯᠬᠤᠮ ᠭᠦᠨᠵᠡᠭᠡᠶ ᠣᠶᠢᠯᠠᠭᠠᠵᠤ᠂ | ᠤᠬᠠᠮᠰᠠᠷ ᠠᠴᠠ ᠪᠠᠨ ᠡᠷᠬᠢᠮ ᠨᠠᠨᠳᠢᠨ ᠲᠤᠷᠰᠢᠯᠭ᠎ᠠ ᠪᠠᠨ ᠪᠣᠳᠠᠲᠠᠶ ᠦᠢᠯᠡᠳᠦᠯᠭᠡ ᠳᠤᠮᠳᠠ ᠬᠡᠷᠡᠭᠯᠡᠵᠦ᠂ ᠰᠤᠷᠲᠠᠯ ᠢᠶᠠᠨ | ᠬᠤᠪᠢᠷᠠᠭᠤᠯᠵᠤ ᠰᠢᠨ᠎ᠡ ᠰᠤᠷᠲᠠᠯ ᠢ ᠪᠣᠶ ᠪᠣᠯᠭᠠᠬᠤ ᠤᠬᠠᠮᠰᠠᠷᠲᠤ ᠴᠢᠨᠠᠷ ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ | ᠴᠢᠩᠭᠠᠳᠬᠠᠬᠤ ᠬᠡᠷᠡᠭᠲᠡᠶ ᠭᠡᠵᠦ ᠬᠡᠯᠡᠪᠡ᠃ | ᠵᠧᠦ ᠺᠠᠢ᠂ ᠬᠤᠶᠠᠷ ᠨᠠᠷᠢᠨ ᠬᠠᠭᠤᠳᠠᠰᠤ ᠪᠣᠯᠤᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠴᠢᠩᠭ᠎ᠠ | ᠬᠠᠷᠭᠤᠭᠤᠯᠵᠤ᠂ ᠲᠤᠪᠤᠶᠢᠮ᠎ᠠ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠬᠦᠨᠳᠦ ᠠᠴᠠ ᠵᠠᠶᠢᠯᠠᠵᠤ | ᠬᠥᠩᠭᠡᠨ ᠢ ᠡᠷᠢᠬᠦ᠂ ᠪᠣᠳᠠᠲᠠᠢ ᠠᠴᠠ ᠵᠠᠶᠢᠯᠠᠵᠤ ᠬᠡᠶᠢᠰᠪᠦᠷᠢ ᠢ ᠬᠠᠶᠢᠬᠤ ᠶᠢ ᠡᠷᠡᠰ ᠰᠡᠷᠭᠡᠶᠢᠯᠡᠬᠦ ᠬᠡᠷᠡᠭᠲᠡᠢ᠃ | ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠡᠯ᠎ᠡ ᠲᠦᠷᠦᠯ ᠤᠨ | ᠲᠣᠭᠤᠷᠢᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠤᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ | ᠤᠶᠠᠯᠳᠤᠭᠤᠯᠬᠤ ᠶᠢ ᠴᠢᠬᠤᠯᠠᠴᠢᠯᠠᠵᠤ᠂ ᠰᠤᠷᠲᠠᠯ ᠢᠯᠵᠠᠷᠡᠯ ᠢ ᠬᠠᠮᠲᠤᠪᠠᠷ ᠪᠠᠶᠢᠴᠠᠭᠠᠵᠤ ᠵᠡᠷᠭᠡᠪᠡᠷ ᠵᠠᠰᠠᠬᠤ ᠶᠢ | ᠭᠦᠨᠵᠡᠭᠡᠢ ᠠᠬᠢᠭᠤᠯᠵᠤ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠵᠦ᠂ ᠺᠠᠳ᠋ᠷ ᠤᠯᠠᠨ ᠲᠦᠮᠡᠨ ᠳᠤ ᠰᠢᠨ᠎ᠡ ᠬᠤᠪᠢᠷᠠᠯᠲᠠ ᠰᠢᠨ᠎ᠡ ᠦᠷ᠎ᠡ ᠪᠦᠲᠦᠮᠵᠢ ᠶᠢ | ᠪᠡᠶ᠎ᠡ ᠪᠠᠷ ᠢᠶᠠᠨ ᠮᠡᠳᠡᠷᠡᠭᠦᠯᠬᠦ ᠬᠡᠷᠡᠭᠲᠡᠢ᠃ ᠲᠦᠷᠢᠮ ᠤᠨ ᠪᠠᠶᠢᠭᠤᠯᠤᠯᠲᠠ ᠶᠢ ᠰᠤᠷᠲᠠᠯ ᠤᠨ ᠪᠠᠶᠢᠭᠤᠯᠤᠯᠲᠠ ᠳᠤ | ᠢᠮᠠᠭᠲᠠ ᠲᠤᠭᠤᠰᠢᠯᠠᠭᠤᠯᠵᠤ᠂ ᠨᠢᠭᠡ ᠲᠠᠯ᠎ᠠ ᠪᠠᠷ ᠲᠦᠷᠢᠮ ᠲᠣᠭᠲᠠᠭᠠᠯ ᠲᠣᠭᠲᠠᠭᠠᠬᠤ ᠶᠢ ᠠᠳᠬᠤᠵᠤ᠂ ᠨᠦᠭᠦᠭᠡ | ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠬᠦ ᠶᠢ ᠠᠳᠬᠤᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ | ᠴᠢᠩᠳᠠᠯᠠᠵᠤ ᠢᠯᠵᠠᠷᠠᠯ ᠢ ᠡᠰᠡᠷᠭᠦᠴᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ | ᠵᠣᠷᠢᠭᠵᠢᠭᠤᠯᠬᠤ ᠵᠡᠷᠭᠡ ᠡᠯ᠎ᠡ ᠵᠦᠢᠯ ᠤᠨ ᠲᠦᠷᠢᠮ ᠲᠣᠭᠲᠠᠴᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ | ᠬᠦ ᠪᠠᠲᠤᠯᠠᠬᠤ ᠬᠡᠷᠡᠭᠲᠡᠢ ᠭᠡᠵᠦ ᠬᠡᠯᠡᠪᠡ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |