ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/20
    5 ᠰᠠᠷ᠎ᠠ ᠶᠢᠨ 16 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠡᠰᠡᠭ ᠮᠤᠵᠢ ᠣᠷᠣᠨ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠭᠦᠨᠵᠡᠭᠡᠶ ᠳ᠋ᠦᠩᠨᠡᠵᠦ᠂ ᠲᠣᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠪᠠ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ  ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠪᠣᠯᠤᠨ ᠱᠠᠩᠬᠠᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠴᠦᠯᠡᠬᠦ ᠬᠦᠷᠢᠶ᠎ᠡ ᠪᠣᠯᠤᠨ ᠭᠤᠣᠯᠳᠠᠯᠭ᠎ᠠ ᠶᠢ ᠣᠨᠣᠪᠴᠢᠲᠠᠢ ᠡᠷᠢᠨ ᠣᠯᠵᠤ᠂ ᠪᠣᠬᠢᠷᠲᠤᠯ ᠦᠭᠡᠢ ᠴᠠᠬᠢᠯᠭᠠᠨ ᠬᠦᠴᠦ᠂ ᠪᠣᠬᠢᠷᠲᠤᠯ ᠦᠭᠡᠢ ᠪᠤᠳᠤᠬᠤ ᠬᠦᠴᠦᠨ ᠤ ᠬᠠᠮᠵᠢᠯᠴᠠᠨ ᠬᠠᠮᠲᠤᠷᠠᠯᠴᠠᠬᠤ ᠶᠢ ᠪᠠᠷᠢᠮᠲᠠᠯᠠᠵᠤ᠂ ᠪᠤᠳᠤᠬᠤ ᠬᠦᠴᠦᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠪᠣᠬᠢᠷᠲᠤᠯ ᠦᠭᠡᠢ ᠪᠤᠳᠤᠬᠤ ᠬᠦᠴᠦᠨ ᠤ ᠬᠡᠷᠡᠭᠯᠡᠭᠡᠨ ᠤ ᠪᠠᠶᠢᠳᠠᠯ ᠢ ᠰᠢᠨᠡᠴᠢᠯᠡᠵᠦ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠵᠢᠴᠢ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠡᠷᠢᠭ ᠠᠩᠬᠢ ᠯᠤᠭ᠎ᠠ ᠶᠢᠨ ᠤᠯᠤᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠤᠶᠠᠷ ᠢ ᠬᠦᠷᠢᠶᠡᠯᠡᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠷᠭᠡᠨ ᠤᠯᠠᠨ ᠠᠵᠢᠯᠳᠠᠨ ᠠᠵᠢᠯᠴᠢᠨ ᠪᠣᠯᠤᠨ ᠬᠥᠳᠡᠯᠮᠦᠷᠢᠴᠢᠨ ᠲᠦᠮᠡᠨ ᠤ ᠪᠤᠶᠠᠨ ᠵᠢᠷᠭᠠᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ  ᠃     ᠬᠤᠷᠠᠯ ᠠᠴᠠ ᠪᠦᠬᠦ ᠬᠤᠳᠠ ᠶᠢᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠪᠣᠯᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠰᠤᠷᠤᠯᠴᠠᠯᠭ᠎ᠠ ᠬᠥᠮᠦᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ ᠴᠢᠩᠭ᠎ᠠ ᠠᠳᠬᠤᠨ ᠲᠦᠷᠭᠡᠨ ᠠᠵᠢᠯᠯᠠᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ  ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                         ᠣᠷᠴᠢᠭᠤᠯᠤᠭᠴᠢ᠄ ᠭᠤᠸ᠎ᠠ                                         ᠬᠢᠨᠠᠭᠴᠢ᠄ ᠠᠷᠢᠭᠤᠨ    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2