5 ᠰᠠᠷ᠎ᠠ ᠶᠢᠨ 20 ᠤ ᠡᠳᠦᠷ᠂ ᠬᠤᠲᠠ ᠶᠢᠨ ᠳᠡᠳ᠋ ᠳᠠᠷᠤᠭ᠎ᠠ ᠢᠦᠶ ᠬᠠᠶ ᠴᠧᠩ ᠵᠢᠨᠢᠩ ᠲᠣᠭᠤᠷᠢᠭ ᠤᠨ ᠯᠢ | ᠰᠢᠶᠠᠩ ᡁᠢ ᠴᠧᠩ᠂ ᠰᠢ ᠯᠢᠨ ᠸᠠᠨ᠂ ᠱᠧᠩ ᠱᠦᠨ ᠶᠤᠸᠠᠨ ᠪᠣᠯᠤᠨ ᠴᠠᠬᠠᠷ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠢ ᠹᠧᠩ ᠯᠠᠨ ᠱᠧᠩ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠨ ᠬᠤᠭᠤᠴᠠᠭ᠎ᠠ | ᠨᠢ ᠬᠡᠲᠦᠷᠡᠭᠰᠡᠨ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ | ᠰᠤᠳᠤᠯᠪᠠ᠃ | ᠢᠦᠶ ᠬᠠᠶ ᠴᠧᠩ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠠᠰᠠᠭᠤᠳᠠᠯ ᠲᠠᠢ ᠬᠡᠷ ᠪᠠᠶᠢᠰᠢᠩ ᠭᠠᠵᠠᠷ | ᠬᠥᠷᠥᠩᠭᠡ ᠶᠢᠨ ᠲᠥᠷᠥᠯ ᠵᠦᠢᠯ ᠤᠨ ᠨᠡᠭᠡᠭᠡᠨ ᠬᠥᠭᠵᠢᠭᠦᠯᠬᠦ ᠠᠬᠢᠴᠠ ᠶᠢ ᠴᠢᠩᠭ᠎ᠠ ᠠᠩᠬᠠᠷᠴᠤ᠂ ᠨᠡᠭᠡᠭᠡᠨ | ᠬᠥᠭᠵᠢᠭᠦᠯᠬᠦ ᠠᠷᠠᠯᠵᠢᠶᠠᠴᠢᠨ ᠢ ᠰᠢᠮᠳᠠᠭᠤᠯᠵᠤ ᠪᠠᠶᠢᠭᠠᠳ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ | ᠮᠥᠩᠭᠦ ᠶᠢ ᠪᠥᠬᠦ ᠬᠦᠴᠦᠨ ᠢᠶᠠᠷ ᠢᠶᠠᠨ ᠴᠤᠭᠯᠠᠭᠤᠯᠵᠤ᠂ ᠲᠥᠷᠥᠯ ᠵᠦᠢᠯ ᠤᠨ ᠠᠯᠢ ᠲᠦᠷᠭᠡᠨ ᠢᠶᠠᠷ ᠦᠨᠡᠨ ᠪᠣᠳᠠᠲᠠᠶ | ᠢᠨᠵᠧᠨᠧᠷᠢᠩ ᠪᠣᠯᠬᠤ ᠶᠢ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ | ᠪᠠᠷᠢᠯᠭ᠎ᠠ ᠶᠢᠨ ᠳᠡᠰ ᠳᠠᠷᠠᠭᠠᠯᠠᠯ ᠢ ᠵᠦᠶ ᠵᠣᠬᠢᠰᠲᠠᠶ ᠲᠣᠬᠢᠷᠠᠭᠤᠯᠵᠤ᠂ ᠪᠣᠷᠣᠭᠠᠨ ᠤ ᠤᠯᠠᠷᠢᠯ ᠬᠦᠷᠴᠦ ᠢᠷᠡᠬᠦ ᠠᠴᠠ | ᠡᠮᠦᠨ᠎ᠡ᠂ ᠰᠢᠷᠣᠶ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠲᠥᠪᠯᠡᠷᠡᠭᠦᠯᠦᠨ ᠠᠬᠢᠭᠤᠯᠵᠤ᠂ ᠪᠣᠷᠣᠭᠠᠨ ᠤ | ᠤᠯᠠᠷᠢᠯ ᠬᠦᠷᠴᠦ ᠢᠷᠡᠬᠦ ᠦᠶ᠎ᠡ ᠳᠤ ᠳᠣᠲᠣᠭᠠᠳᠤ ᠳᠠᠭᠠᠨ ᠤᠭᠰᠠᠷᠠᠬᠤ ᠠᠵᠢᠯ ᠢ ᠪᠥᠬᠦ ᠬᠦᠴᠦᠨ ᠢᠶᠠᠷ ᠢᠶᠠᠨ | ᠥᠷᠨᠢᠭᠦᠯᠵᠦ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠪᠠᠷᠢᠯᠭ᠎ᠠ ᠶᠢᠨ ᠠᠵᠢᠯ ᠢ ᠥᠨᠳᠥᠷ | ᠪᠦᠲᠦᠮᠵᠢᠲᠡᠶ ᠪᠠᠷ ᠠᠬᠢᠭᠤᠯᠵᠤ᠂ ᠣᠯᠠᠨ ᠲᠦᠮᠡᠨ ᠤ ᠣᠷᠣᠵᠤ ᠰᠠᠭᠤᠬᠤ ᠶᠢ ᠴᠢᠷᠮᠠᠶᠢᠨ ᠪᠠᠲᠤᠯᠠᠬᠤ ᠬᠡᠷᠡᠭᠲᠡᠶ᠃ | ᠪᠠᠶᠢᠷᠢ ᠰᠣᠯᠢᠵᠤ ᠰᠡᠳᠬᠢᠬᠦ ᠶᠢ ᠪᠠᠷᠢᠮᠲᠠᠯᠠᠵᠤ᠂ ᠤᠯᠠᠨ ᠲᠦᠮᠡᠨ ᠤ ᠵᠣᠭᠰᠣᠴᠠ ᠠᠴᠠ ᠠᠰᠠᠭᠤᠳᠠᠯ ᠢ ᠪᠣᠳᠣᠯᠬᠢᠯᠠᠨ᠂ | ᠤᠴᠢᠷ ᠶᠠᠪᠤᠳᠠᠯ ᠢ ᠰᠢᠢᠳᠪᠦᠷᠢᠯᠡᠵᠦ᠂ ᠰᠣᠯᠢᠯᠴᠠᠭᠠᠨ ᠤ ᠠᠷᠭ᠎ᠠ ᠵᠠᠮ ᠢ ᠢᠮᠠᠭᠲᠠ ᠰᠠᠭᠠᠳ ᠦᠭᠡᠢ ᠨᠡᠪᠲᠡᠷᠡᠭᠦᠯᠵᠦ᠂ | ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠣᠬᠢᠲᠠᠢ ᠰᠢᠢᠳᠪᠦᠷᠢᠯᠡᠵᠦ᠂ ᠮᠠᠳᠠᠭ ᠲᠠᠢ ᠠᠰᠠᠭᠤᠳᠠᠯ ᠢ | ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ | ᠲᠤᠰᠠ ᠶᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | |