2 ᠳ᠋ᠦᠩᠰᠢᠭᠤᠷ ᠲᠥᠭᠦᠷᠢᠭ ᠪᠡᠯᠡ ᠣᠷᠣᠭᠤᠯᠵᠠᠢ︕ ᠯᠢᠶᠠᠩᠴᠧᠩ ᠰᠢᠶᠠᠨ ᠤ ᠬᠤᠤ ᠰᠢᠶᠠᠩ ᠬᠠᠯᠠᠭᠤᠨ ᠷᠠᠰᠢᠶᠠᠨ ᠪᠠᠭᠤᠳᠠᠯ ᠤᠨ ᠲᠦᠷᠦᠯ ᠵᠦᠢᠯ ᠢ ᠶᠠᠭ ᠱᠠᠯᠠᠪᠳᠠᠨ ᠪᠠᠶᠢᠭᠤᠯᠵᠤ ᠪᠠᠶᠢᠨ᠎ᠠ  ᠡᠨᠡ ᠵᠢᠯ ᠤᠨ ᠲᠤᠤᠷ᠎ᠠ ᠬᠠᠭᠠᠰ ᠵᠢᠯ ᠳᠤ ᠠᠰᠢᠭᠯᠠᠯᠳᠠ ᠳᠤ ᠤᠷᠤᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2025/5/21
         2025 ᠣᠨ ᠳᠤ᠂ ᠯᠢᠶᠠᠩᠴᠧᠩ ᠰᠢᠶᠠᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠬᠦᠴᠦᠲᠡᠢ ᠭᠠᠷᠳᠠᠴᠠ ᠪᠣᠯᠭᠠᠵᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠡ᠃ ᠣᠳᠣᠬᠠᠨ ᠳᠤ᠂ ᠶᠡᠷᠦᠩᠬᠡᠶ ᠪᠠᠯᠠ ᠣᠷᠣᠭᠤᠯᠤᠯᠲᠠ ᠨᠢ 2 ᠳ᠋ᠦᠩᠰᠢᠭᠤᠷ ᠲᠥᠭᠦᠷᠢᠭ ᠤᠨ ᠬᠤᠤ ᠰᠢᠶᠠᠩ ᠬᠠᠯᠠᠭᠤᠨ ᠷᠠᠰᠢᠶᠠᠨ ᠤ ᠪᠠᠭᠤᠳᠠᠯ ᠤᠨ ᠲᠥᠷᠥᠯ ᠵᠦᠢᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠤᠷᠤᠭᠰᠢᠲᠠᠶ ᠶᠠᠪᠤᠭᠳᠠᠵᠤ᠂ ᠵᠢᠱᠢᠯᠲᠡ ᠪᠠᠷ ᠡᠨᠡ ᠵᠢᠯ ᠤᠨ ᠳᠣᠤᠷ᠎ᠠ ᠬᠠᠭᠠᠰ ᠵᠢᠯ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠪᠣᠯᠤᠨ᠎ᠠ᠃    ᠯᠢᠶᠠᠩᠴᠧᠩ ᠰᠢᠶᠠᠨ ᠤ ᠬᠤᠤ ᠰᠢᠶᠠᠩ ᠬᠠᠯᠠᠭᠤᠨ ᠷᠠᠰᠢᠶᠠᠨ ᠤ ᠪᠠᠭᠤᠳᠠᠯ ᠤᠨ ᠲᠥᠷᠥᠯ ᠵᠦᠢᠯ ᠪᠣᠯ A ᠰᠠᠭᠤᠳᠠᠯ᠂ B ᠰᠠᠭᠤᠳᠠᠯ᠂ C ᠰᠠᠭᠤᠳᠠᠯ ᠭᠤᠷᠪᠠᠨ ᠶᠡᠷᠦᠩᠬᠡᠶᠢᠯᠡᠭᠰᠡᠨ ᠠᠰᠠᠷ ᠢᠶᠠᠷ ᠪᠦᠷᠢᠯᠳᠦᠵᠦ᠂ ᠣᠳᠣᠬᠠᠨ ᠳᠤ B ᠰᠠᠭᠤᠳᠠᠯ ᠪᠠ C ᠰᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠡᠮᠵᠢᠶ᠎ᠡ ᠶᠢ ᠨᠢᠭᠡᠨᠲᠡ 80% ᠶᠢ ᠪᠡᠶᠡᠯᠡᠭᠦᠯᠵᠦ᠂ ᠵᠢᠱᠢᠯᠲᠡ ᠪᠠᠷ 7 ᠰᠠᠷ᠎ᠠ ᠶᠢᠨ 10 ᠤ ᠡᠳᠦᠷ ᠠᠰᠢᠭᠯᠠᠯᠲᠠ ᠳᠤ ᠣᠷᠣᠭᠤᠯᠵᠤ᠂ A ᠰᠠᠭᠤᠳᠠᠯ ᠨᠢ 8 ᠰᠠᠷ᠎ᠠ ᠶᠢᠨ ᠳᠤᠮᠳᠠᠴᠢ ᠳᠤ ᠪᠠᠷᠢᠯᠭ᠎ᠠ ᠶᠢᠨ ᠳᠡᠭᠡᠳᠦ ᠣᠷᠣᠢ ᠪᠠᠨ ᠬᠠᠭᠠᠵᠤ᠂ ᠤᠯᠤᠰ ᠤᠨ ᠪᠠᠶᠠᠷ ᠤᠨ ᠬᠤᠭᠤᠴᠠᠭᠠᠨ ᠳᠤ ᠪᠦᠬᠦᠯᠢ ᠴᠣᠭᠴᠠ ᠪᠠᠷ ᠨᠢ ᠠᠵᠢᠯᠯᠠᠭᠤᠯᠵᠤ᠂ ᠪᠠᠭᠤᠳᠠᠯ ᠤᠨ ᠪᠥᠲᠥᠭᠡᠨ ᠪᠠᠶᠢᠭᠤᠯᠤᠯᠲᠠ ᠳᠠᠭᠤᠰᠤᠭᠰᠠᠨ ᠤ ᠳᠠᠷᠠᠭ᠎ᠠ 200 ᠭᠠᠷᠤᠶ ᠠᠵᠢᠯ ᠤᠨ ᠪᠠᠶᠢᠷᠢ ᠶᠢ ᠨᠡᠮᠡᠭᠳᠡᠭᠦᠯᠬᠦ ᠶᠢᠨ ᠬᠠᠮᠲᠤ ᠯᠢᠶᠠᠩᠴᠧᠩ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠡᠷᠡᠯ ᠭᠢᠯᠪᠠᠭ᠎ᠠ ᠨᠡᠮᠡᠷᠢᠯᠡᠬᠦ ᠪᠣᠯᠤᠨ᠎ᠠ᠃     ᠲᠣᠰ ᠲᠥᠷᠥᠯ ᠵᠦᠢᠯ ᠤᠨ ᠡᠵᠡᠯᠡᠬᠦ ᠲᠠᠯᠠᠪᠠᠶ ᠨᠢ 24.5 ᠮᠥ ᠪᠠᠶᠢᠵᠤ᠂ ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ 4 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 2 ᠳ᠋ᠦᠩᠰᠢᠭᠤᠷ ᠲᠥᠭᠦᠷᠢᠭ ᠪᠣᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠱᠢᠯᠲᠡ ᠪᠠᠷ 3000 ᠬᠥᠮᠦᠨ ᠬᠠᠮᠲᠤ ᠪᠠᠷ ᠬᠤᠭᠤᠯᠠ ᠢᠳᠡᠬᠦ ᠶᠢ ᠪᠡᠶᠡᠯᠡᠭᠦᠯᠵᠦ᠂ ᠵᠢᠭᠤᠯᠴᠢᠯᠠᠯ ᠤᠨ ᠭᠥᠯᠢᠶᠡᠨ ᠠᠪᠬᠤ᠂ ᠦᠵᠡᠰᠬᠦᠯᠡᠩ ᠤᠨ ᠦᠢᠯᠡᠴᠢᠯᠡᠭᠡ᠂ ᠠᠷᠠᠳ ᠤᠨ ᠵᠠᠩ ᠦᠢᠯᠡ ᠶᠢᠨ ᠰᠣᠶᠣᠯ ᠤᠨ ᠦᠵᠡᠭᠦᠯᠭᠡ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠡᠷᠡᠭᠦᠯᠵᠢᠯ ᠰᠤᠪᠢᠯᠠᠯᠲᠠ᠂ ᠬᠠᠯᠠᠭᠤᠨ ᠷᠠᠰᠢᠶᠠᠨ ᠤ ᠤᠬᠢᠶᠠᠯᠭ᠎ᠠ ᠵᠡᠷᠭᠡ ᠣᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠳᠡᠭᠡᠳᠦ ᠲᠠᠰ ᠤᠨ ᠪᠠᠭᠤᠳᠠᠯ ᠪᠣᠯᠤᠨ᠎ᠠ᠂ ᠡᠨᠡ ᠨᠢ ᠯᠢᠶᠠᠩᠴᠧᠩ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠦᠢᠯᠡᠴᠢᠯᠡᠭᠡ ᠭᠥᠯᠢᠶᠡᠨ ᠠᠪᠬᠤ ᠬᠢᠷᠢ ᠲᠦᠪᠰᠢᠨ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠯᠢᠶᠠᠩᠴᠧᠩ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ ᠠᠬᠢᠭᠤᠯᠬᠤ ᠪᠣᠯᠤᠨ᠎ᠠ᠃                   ᠤᠷᠴᠢᠭᠤᠯᠤᠭᠴᠢ᠄ ᠬᠦᠰᠡᠯ                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2