ᠵᠧᠤ ᠺᠠᠶ ᠵᠢᠨᠢᠩ ᠲᠣᠭᠤᠷᠢᠭ ᠲᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/22
    5 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠵᠢᠨᠢᠩ ᠲᠣᠭᠤᠷᠢᠭ ᠲᠤ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃     ᠨᠠᠨ ᠳ᠋ᠠ ᠬᠡᠷᠡᠯ ᠴᠠᠬᠢᠯᠭᠠᠨ᠂ ᠬᠠᠢ ᠯᠢ ᠡᠯᠧᠺᠲᠷᠣᠨ᠂ ᠳ᠋ᠦᠩ ᠶᠠᠩ ᠭᠤᠸᠠᠩ ᠬᠢᠮᠢ ᠶᠢᠨ ᠴᠠᠭᠠᠰᠤ ᠵᠡᠷᠭᠡ ᠠᠵᠤ ᠠᠬᠤᠶᠢᠯᠠᠯ ᠳᠤ᠂ ᠵᠧᠦ ᠺᠠᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠮᠡᠷᠭᠡᠵᠢᠯ ᠤᠨ ᠰᠤᠳᠤᠯᠤᠨ ᠨᠡᠭᠡᠭᠡᠯᠲᠡ᠂ ᠲᠥᠷᠥᠯ ᠵᠦᠢᠯ ᠤᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠠᠵᠢᠯᠯᠠᠭᠠᠨ ᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠪᠠ᠃ ᠲᠡᠷᠡ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠢ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠬᠡᠷᠡᠭᠵᠢᠭᠦᠯᠬᠦ ᠪᠠᠷ ᠵᠢᠯᠣᠭᠤᠳᠤᠮᠵᠢ ᠪᠣᠯᠭᠠᠵᠤ᠂ ᠡᠯᠧᠮᠧᠨ᠋ᠲ ᠤᠨ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶᠢᠯᠠᠯ ᠢ ᠦᠨᠡᠨ ᠪᠣᠳᠠᠲᠠᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠭᠡᠮ ᠰᠣᠭᠤᠭ ᠢ ᠪᠠᠶᠢᠴᠠᠭᠠᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠬᠡᠯᠡᠪᠡ᠃ ᠠᠵᠤ ᠠᠬᠤᠶᠢᠯᠠᠯ ᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠣᠯᠭᠤᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠤᠯᠠᠭᠠᠨᠴᠠᠪ ᠲᠤ ᠦᠷᠭᠦᠯᠵᠢᠯᠡᠨ ᠰᠠᠭᠤᠷᠢᠰᠢᠵᠤ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃     ᠨᠠᠢ ᠯᠦᠨ ᠵᠠᠮ ᠤᠨ ᠪᠠᠶᠢᠰᠢᠩ ᠬᠡᠷ ᠤᠨ ᠲᠣᠭᠤᠷᠢᠭ ᠲᠤ᠂ ᠵᠧᠦ ᠺᠠᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠢ ᠬᠠᠷᠢᠴᠠᠭᠤᠯᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃     ᠵᠠᠩ ᠶᠦᠩ ᠸᠧᠨ᠂ ᠰᠦᠢ ᠵᠢᠶᠠᠨ ᠬᠤᠸᠠ ᠣᠷᠣᠯᠴᠠᠵᠠᠢ᠃                                          ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2