ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠠᠯᠠᠭᠠᠨ ᠲᠡᠰ ᠤᠨ ᠵᠠᠯᠠᠭᠤ ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/5/22
           5 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠠᠯᠠᠭᠠᠨ ᠲᠠᠰ ᠤᠨ ᠵᠠᠯᠠᠭᠤ ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠪᠡ᠃ ᠨᠣᠮ ᠤᠩᠰᠢᠬᠤ ᠠᠩᠭᠢ ᠶᠢ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠰᠤᠷᠤᠯᠴᠠᠬᠤ᠂ ᠰᠡᠷᠡᠮᠵᠢᠯᠡᠭᠦᠯᠬᠦ ᠬᠥᠮᠦᠵᠢᠯ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠵᠠᠯᠠᠭᠤ ᠺᠠᠳ᠋ᠷᠴᠤᠳ ᠪᠠᠷᠢᠮᠵᠢᠶ᠎ᠠ ᠲᠠᠢ ᠬᠠᠷᠢᠴᠠᠭᠤᠯᠤᠨ ᠬᠠᠷᠭᠤᠭᠤᠯᠵᠤ᠂ ᠵᠠᠳᠠᠯᠤᠨ ᠰᠢᠨᠵᠢᠯᠡᠵᠦ ᠲᠤᠩᠭᠠᠨ ᠪᠣᠳᠣᠯᠬᠢᠯᠠᠵᠤ᠂ ᠰᠤᠷᠤᠯᠴᠠᠭᠤᠯᠵᠤ ᠪᠠᠶᠢᠴᠠᠭᠠᠨ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠪᠠ᠃    ᠨᠣᠮ ᠤᠩᠰᠢᠬᠤ ᠠᠩᠭᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠶᠢ ᠤᠷᠢᠵᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠯᠭᠡᠪᠡ᠃ ᠬᠤᠷᠠᠯ ᠳᠡᠭᠡᠷ᠎ᠡ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ︽ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ︾ ᠶᠢ ᠵᠠᠷᠯᠠᠨ ᠮᠡᠳᠡᠭᠳᠡᠭᠰᠡᠨ ᠪᠥᠭᠡᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠵᠠᠯᠠᠭᠤ ᠺᠠᠳ᠋ᠷᠴᠤᠳ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠦᠨᠳᠦ ᠡᠭᠦᠷᠭᠡ ᠶᠢ ᠡᠭᠦᠷᠭᠡᠯᠡᠵᠦ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠲᠣᠰ ᠤᠳᠠᠭᠠᠨ ᠤ ᠨᠣᠮ ᠤᠩᠰᠢᠬᠤ ᠠᠩᠭᠢ ᠪᠠᠷ ᠠᠵᠠ ᠲᠣᠬᠢᠶᠠᠯ ᠪᠣᠯᠭᠠᠵᠤ᠂ ᠰᠤᠷᠤᠯᠴᠠᠯᠭ᠎ᠠ ᠶᠢᠨ ᠳᠤᠮᠳᠠ ᠤᠯᠤᠰ ᠲᠥᠷᠥ ᠶᠢᠨ ᠦᠨᠡᠨᠴᠢ ᠰᠢᠳᠤᠷᠭᠤ ᠶᠢ ᠪᠠᠬᠢᠵᠢᠭᠦᠯᠵᠦ᠂ ᠢᠲᠡᠭᠡᠯ ᠪᠢᠰᠢᠷᠡᠯ ᠤᠨ ᠰᠠᠭᠤᠷᠢ ᠪᠠᠨ ᠪᠠᠬᠢᠵᠢᠭᠦᠯᠵᠦ᠂ ᠨᠠᠮᠴᠢ ᠴᠢᠨᠠᠷ ᠢᠶᠠᠨ ᠲᠠᠰᠤᠷᠠᠯᠲᠠ ᠥᠬᠡᠶ ᠳᠠᠪᠲᠠᠨ ᠪᠣᠯᠪᠠᠰᠤᠷᠠᠭᠤᠯᠵᠤ᠂ ᠰᠤᠷᠤᠯᠴᠠᠯᠭ᠎ᠠ ᠬᠥᠮᠦᠵᠢᠯ ᠢ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠯᠦᠭᠡ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠰᠤᠷᠲᠠᠯ ᠢᠶᠠᠨ ᠰᠠᠶᠢᠵᠢᠷᠠᠭᠤᠯᠬᠤ᠂ ᠠᠵᠢᠯ ᠢᠶᠠᠨ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃                                   ᠵᠣᠬᠢᠶᠠᠭᠴᠢ᠄ ᠹᠠᠨ ᠵᠢᠶᠠ ᠸᠧᠨ                                   ᠤᠷᠴᠢᠭᠤᠯᠤᠭᠴᠢ᠄ ᠬᠦᠰᠡᠯ                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2