ᠪᠦᠬᠦ ᠬᠤᠲᠠ ᠶᠢᠨ ᠡᠯ᠎ᠡ ᠡᠵᠡᠩᠨᠡᠯᠲᠡ ᠶᠢᠨ ᠭᠤᠣᠯ ᠴᠣᠭᠴᠠ ᠳᠤ᠄ | ︽ᠠᠵᠤ ᠠᠬᠤᠶᠢᠯᠠᠯ ᠤᠨ ᠺᠣᠳ᠋︾ ᠪᠣᠯ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠰᠢᠰᠲ᠋ᠧᠮ ᠢ ᠪᠣᠶ | ᠪᠣᠯᠭᠠᠬᠤ᠂ ᠢᠯᠭᠠᠬᠤ ᠲᠡᠮᠳᠡᠭ ᠢᠶᠠᠷ ᠡᠵᠡᠩᠨᠡᠬᠦ ᠭᠤᠤᠯ ᠴᠣᠭᠴᠠ ᠶᠢᠨ ᠪᠡᠶ᠎ᠡ ᠶᠢᠨ ᠭᠠᠷᠤᠯ ᠢ ᠲᠣᠭᠲᠠᠭᠠᠬᠤ ᠲᠤᠰᠬᠠᠶ | ᠲᠣᠭᠠᠴᠢᠯᠠᠯᠲᠠ ᠶᠢᠨ ᠨᠡᠷ᠎ᠡ ᠶᠢᠨ ᠬᠠᠭᠤᠳᠠᠰᠤ ᠪᠣᠯᠤᠨ᠎ᠠ᠃ ᠣᠳᠣᠬᠠᠨ ᠳᠤ᠂ ︽ᠠᠵᠤ ᠠᠬᠤᠶᠢᠯᠠᠯ ᠤᠨ ᠺᠣᠳ᠋︾ | ᠨᠢᠭᠡᠨᠲᠡ ᠢᠯᠡ ᠲᠡᠮᠳᠡᠭ ᠢᠶᠠᠷ ᠡᠵᠡᠩᠨᠡᠬᠦ᠂ ᠺᠣᠳ᠋ ᠠᠪᠴᠤ ᠣᠴᠢᠷ ᠶᠠᠪᠤᠳᠠᠯ ᠬᠦᠢᠴᠡᠳᠬᠡᠬᠦ᠂ ᠠᠵᠤ ᠠᠬᠤᠶᠢᠯᠠᠯ ᠤᠨ | ᠤᠬᠠᠭᠤᠯᠭ᠎ᠠ᠂ ᠦᠢᠯᠡᠳᠬᠦᠨ ᠤ ᠡᠬᠢ ᠡᠭᠦᠰᠦᠯ ᠢ ᠡᠷᠢᠬᠦ ᠵᠡᠷᠭᠡ ᠲᠠᠯ᠎ᠠ ᠪᠠᠷ ᠥᠷᠭᠡᠨ ᠢᠶᠠᠷ ᠬᠡᠷᠡᠭᠯᠡᠭᠳᠡᠪᠡ᠃ ᠬᠡᠷᠪᠡ | ᠲᠠ ᠡᠵᠡᠩᠨᠡᠯᠲᠡ ᠶᠢᠨ ᠭᠤᠣᠯ ᠴᠣᠭᠴᠠ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠡᠵᠡᠩᠨᠡᠭᠴᠢ ᠪᠠᠶᠢᠪᠠᠯ᠂ ᠰᠠᠨᠠᠭᠠᠴᠢᠯᠠᠭ᠎ᠠ ᠠᠴᠠ ᠪᠠᠨ ︽ᠠᠵᠤ | ᠠᠬᠤᠶᠢᠯᠠᠯ ᠤᠨ ᠺᠣᠳ᠋︾ ᠪᠠ ︽ᠡᠯᠧᠺᠲᠷᠣᠨ ᠡᠵᠡᠩᠨᠡᠯᠲᠡ ᠶᠢᠨ ᠦᠨᠡᠮᠯᠡᠯ︾ ᠢ ᠪᠠᠭᠤᠯᠭᠠᠨ ᠬᠡᠷᠡᠭᠯᠡᠵᠦ᠂ ︽ᠠᠵᠤ | ᠠᠬᠤᠶᠢᠯᠠᠯ ᠤᠨ ᠺᠣᠳ᠋︾ ᠪᠠ ︽ᠡᠯᠧᠺᠲᠷᠣᠨ ᠡᠵᠡᠩᠨᠡᠯᠲᠡ ᠶᠢᠨ ᠦᠨᠡᠮᠯᠡᠯ︾ ᠢ ᠬᠡᠷᠡᠭᠯᠡᠬᠦ ᠴᠢᠬᠤᠯᠠᠲᠠᠶ ᠦᠶ᠎ᠡ ᠳᠤ | ᠰᠠᠨᠠᠭᠠᠴᠢᠯᠠᠭ᠎ᠠ ᠠᠴᠠ ᠪᠠᠨ ᠭᠠᠷᠭᠠᠨ ᠦᠵᠡᠭᠦᠯᠵᠦ᠂ ᠠᠵᠢᠯ ᠤᠨ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ ᠪᠣᠯᠣᠨ᠎ᠠ᠃ ᠡᠯ᠎ᠡ ᠬᠠᠮᠢᠶ᠎ᠠ ᠪᠥᠬᠦᠶ ᠨᠢᠭᠡᠴᠢ ᠨᠦᠭᠦᠳ ︽ᠠᠵᠤ ᠠᠬᠤᠶᠢᠯᠠᠯ ᠤᠨ ᠺᠣᠳ᠋︾ ᠪᠠ ︽ | ᠡᠯᠧᠺᠲᠷᠣᠨ ᠡᠵᠡᠩᠨᠡᠯᠲᠡ ᠶᠢᠨ ᠦᠨᠡᠮᠯᠡᠯ︾ ᠢ ᠰᠠᠨᠠᠭᠠᠴᠢᠯᠠᠭ᠎ᠠ ᠠᠴᠠ ᠪᠠᠨ ᠳᠡᠯᠭᠡᠷᠡᠭᠦᠯᠦᠨ ᠬᠡᠷᠡᠭᠯᠡᠵᠦ᠂ ︽ᠠᠵᠤ | ᠠᠬᠤᠶᠢᠯᠠᠯ ᠤᠨ ᠺᠣᠳ᠋︾ ᠤᠨ ᠲᠥᠬᠦᠮ ᠴᠢᠨᠠᠷᠲᠠᠶ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠲᠣᠭᠠᠴᠢᠯᠠᠭᠰᠠᠨ ᠵᠠᠰᠠᠯᠲᠠ ᠳᠤ | ᠡᠨᠧᠷᠭᠢ ᠣᠯᠭᠤᠬᠤ ᠶᠢ ᠬᠦᠰᠡᠵᠦ ᠪᠠᠶᠢᠨ᠎ᠠ᠃ | ︽ᠠᠵᠤ ᠠᠬᠤᠶᠢᠯᠠᠯ ᠤᠨ ᠺᠣᠳ᠋︾ ᠤᠨ ᠬᠡᠷᠡᠭᠯᠡᠬᠦ ᠭᠠᠵᠠᠷ᠄ | 1. ᠢᠯᠡ ᠲᠣᠳᠣ ᠡᠵᠡᠩᠨᠡᠯᠲᠡ ᠬᠢᠬᠦ᠃ ᠡᠵᠡᠩᠨᠡᠯᠲᠡ ᠶᠢᠨ ᠭᠤᠤᠯ ᠴᠣᠭᠴᠠ ᠨᠢ ᠠᠵᠤ ᠠᠬᠤᠶᠢᠯᠠᠯ ᠤᠨ ᠺᠣᠳ᠋ ᠢ | ᠡᠵᠡᠩᠨᠡᠯᠲᠡ ᠶᠢᠨ ᠲᠠᠯᠠᠪᠤᠷ ᠲᠤ ᠨᠠᠭᠠᠵᠤ ᠪᠣᠯᠤᠨ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ | ᠭᠠᠷ ᠤᠲᠠᠰᠤ ᠶᠢ ᠬᠡᠷᠡᠭᠯᠡᠵᠦ ︽ᠰᠢᠷᠪᠢᠬᠦ︾ ᠪᠠᠷ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠮᠡᠳᠡᠭᠡ ᠵᠠᠩᠭᠢ ᠶᠢ | ᠪᠠᠶᠢᠴᠠᠭᠠᠨ ᠦᠵᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠤ ᠲᠥᠬᠦᠮ ᠦᠵᠡᠭᠦᠯᠵᠦ ᠪᠣᠯᠤᠨ᠎ᠠ︔ | ᠪᠤᠰᠤᠳ ᠵᠠᠰᠠᠭ ᠤᠨ ᠶᠠᠪᠤᠳᠠᠯ ᠤᠨ ᠠᠵᠢᠯᠲᠠᠨ ᠰᠤᠷᠪᠤᠯᠵᠢᠯᠠᠬᠤ ᠦᠶ᠎ᠡ ᠳᠤ ᠪᠠᠰᠠ ᠭᠠᠷ ᠤᠲᠠᠰᠤ ᠪᠠᠷ ᠳᠠᠮᠵᠢᠭᠤᠯᠤᠨ | ᠠᠵᠤ ᠠᠬᠤᠶᠢᠯᠠᠯ ᠤᠨ ᠦᠨᠳᠦᠰᠦᠨ ᠮᠡᠳᠡᠭᠡ ᠵᠠᠩᠭᠢ ᠶᠢ ᠣᠶᠢᠯᠠᠭᠠᠵᠤ ᠪᠣᠯᠤᠨ᠎ᠠ᠃ | 2. ᠺᠣᠳ᠋ ᠠᠪᠴᠤ ᠤᠴᠢᠷ ᠶᠠᠪᠤᠳᠠᠯ ᠭᠦᠢᠴᠡᠳᠬᠡᠬᠦ᠃ ᠡᠵᠡᠩᠨᠡᠯᠲᠡ ᠶᠢᠨ ᠭᠤᠤᠯ ᠴᠣᠭᠴᠠ ᠨᠢ ᠠᠵᠤ | ᠠᠬᠤᠶᠢᠯᠠᠯ ᠤᠨ ᠺᠣᠳ᠋ ᠠᠪᠴᠤ ᠠᠵᠢᠯ ᠶᠠᠪᠤᠳᠠᠯ ᠭᠦᠢᠴᠡᠳᠬᠡᠵᠦ ᠪᠣᠯᠤᠨ᠎ᠠ᠂ ᠠᠵᠢᠯ ᠶᠠᠪᠤᠳᠠᠯ ᠭᠦᠢᠴᠡᠳᠬᠡᠬᠦ | ᠰᠢᠰᠲ᠋ᠧᠮ ᠨᠢ ᠺᠣᠳ᠋ ᠰᠢᠷᠪᠢᠬᠦ ᠪᠠᠷ ᠳᠠᠮᠵᠢᠭᠤᠯᠤᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠣᠯᠵᠤ᠂ ᠮᠡᠳᠡᠭᠡ | ᠵᠠᠩᠭᠢ ᠶᠢ ᠣᠷᠣᠭᠤᠯᠬᠤ ᠴᠢᠬᠤᠯᠠ ᠥᠬᠡᠶ᠃ | 3. ᠠᠵᠤ ᠠᠬᠤᠶᠢᠯᠠᠯ ᠤᠨ ᠤᠬᠠᠭᠤᠯᠭ᠎ᠠ ᠬᠢᠬᠦ᠃ ᠡᠵᠡᠩᠨᠡᠯᠲᠡ ᠶᠢᠨ ᠭᠤᠤᠯ ᠴᠣᠭᠴᠠ ᠨᠢ ᠠᠵᠤ ᠠᠬᠤᠶᠢᠯᠠᠯ ᠤᠨ | ᠺᠣᠳ᠋ ᠢ ᠬᠤᠪᠢ ᠬᠥᠮᠦᠨ ᠤ ᠨᠡᠷ᠎ᠡ ᠶᠢᠨ ᠬᠠᠭᠤᠳᠠᠰᠤ᠂ ᠤᠬᠠᠭᠤᠯᠭ᠎ᠠ ᠶᠢᠨ ᠮᠠᠲ᠋ᠧᠷᠢᠶᠠᠯ ᠵᠡᠷᠭᠡ ᠶᠢ ᠳᠠᠷᠤᠮᠠᠯᠯᠠᠨ | ᠲᠠᠷᠬᠠᠭᠠᠵᠤ ᠪᠣᠯᠤᠨ᠎ᠠ᠂ ᠨᠡᠶᠢᠭᠡᠮ ᠨᠡᠶᠢᠲᠡ ᠪᠠᠷ ᠢᠶᠠᠨ ᠭᠠᠷ ᠤᠲᠠᠰᠤᠨ ᠤ ᠺᠣᠳ᠋ ᠰᠢᠷᠪᠢᠬᠦ ᠪᠠᠷ ᠳᠠᠮᠵᠢᠭᠤᠯᠤᠨ | ᠡᠵᠡᠩᠨᠡᠯᠲᠡ ᠶᠢᠨ ᠭᠤᠤᠯ ᠴᠣᠭᠴᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ᠂ ᠣᠯᠠᠨ ᠨᠡᠶᠢᠲᠡ ᠶᠢᠨ | ᠡᠵᠡᠩᠨᠡᠯᠲᠡ ᠶᠢᠨ ᠭᠤᠤᠯ ᠴᠣᠭᠴᠠ ᠶᠢ ᠲᠦᠷᠭᠡᠨ ᠣᠶᠢᠯᠠᠭᠠᠬᠤ ᠳᠤ ᠲᠥᠬᠦᠮ ᠦᠵᠡᠭᠦᠯᠦᠨ᠎ᠡ︔ | 4. ᠦᠢᠯᠡᠳᠬᠦᠨ ᠤ ᠢᠷᠡᠯᠲᠡ ᠪᠠᠨ ᠡᠷᠢᠬᠦ᠃ ᠡᠵᠡᠩᠨᠡᠯᠲᠡ ᠶᠢᠨ ᠭᠤᠤᠯ ᠴᠣᠭᠴᠠ ᠨᠢ ᠠᠵᠤ ᠠᠬᠤᠶᠢᠯᠠᠯ ᠤᠨ | ᠺᠣᠳ᠋ ᠢ ᠦᠢᠯᠡᠳᠬᠦᠨ ᠳᠡᠭᠡᠷ᠎ᠡ ᠳᠠᠷᠤᠮᠠᠯᠯᠠᠨ ᠲᠠᠷᠬᠠᠭᠠᠵᠤ ᠪᠣᠯᠤᠨ᠎ᠠ᠂ ᠬᠡᠷᠡᠭᠯᠡᠭᠴᠢᠳ ᠺᠣᠳ᠋ ᠢ ᠰᠢᠷᠪᠢᠵᠦ ᠡᠯᠧᠺᠲᠷᠣᠨ | ᠡᠵᠡᠩᠨᠡᠯᠲᠡ ᠶᠢᠨ ᠦᠨᠡᠮᠯᠡᠯ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ | ᠦᠨᠡᠨ ᠪᠣᠳᠠᠲᠤ ᠴᠢᠨᠠᠷ ᠢ ᠬᠢᠨᠠᠨ ᠬᠠᠷᠭᠤᠭᠤᠯᠬᠤ ᠳᠤ ᠲᠥᠬᠦᠮ ᠦᠵᠡᠭᠦᠯᠵᠦ ᠪᠣᠯᠤᠨ᠎ᠠ᠃ | | ᠠᠵᠤ ᠠᠬᠤᠶᠢᠯᠠᠯ ᠤᠨ ᠺᠣᠳ᠋ ᠠᠪᠬᠤ ᠶᠠᠪᠤᠴᠠ᠄ ᠺᠣᠳ᠋ ᠰᠢᠷᠪᠢᠵᠦ ᠪᠠᠶᠢᠴᠠᠭᠠᠨ ᠦᠵᠡᠭᠡᠷᠡᠢ | | | | ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ | 2025 ᠣᠨ ᠤ 5 ᠰᠠᠷ᠎ᠠ ᠶᠢᠨ 13 ᠤ ᠡᠳᠦᠷ | | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | |