5 ᠰᠠᠷ᠎ᠠ ᠶᠢᠨ 22 ᠤᠨ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠤᠸᠠᠢ ᠶᠠᠨ ᠮᠧᠶ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ | ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ︾᠂ | ︽ᠨᠠᠢᠮᠠᠨ ᠲᠣᠭᠲᠠᠭᠠᠯ ᠳᠤᠮᠳᠠᠳᠤ ᠤᠯᠤᠰ ᠢ ᠬᠤᠪᠢᠷᠠᠭᠤᠯᠤᠨ᠎ᠠ︾ ᠵᠢᠴᠢ ᠤᠢᠢᠷ᠎ᠠ ᠶᠢᠨ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ | ᠲᠥᠪᠯᠡᠷᠡᠭᠦᠯᠦᠨ ᠦᠵᠡᠭᠰᠡᠨ ᠪᠥᠭᠡᠳ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ | ᠰᠠᠨᠠᠯ ᠢᠶᠠᠨ ᠰᠣᠯᠢᠯᠴᠠᠪᠠ᠃ | ᠬᠤᠷᠠᠯ ᠠᠴᠠ᠂ ᠦᠵᠡᠯ ᠰᠠᠨᠠᠭ᠎ᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠴᠢᠩᠭ᠎ᠠ ᠪᠠᠶᠢᠬᠤ ᠬᠦᠭ | ᠠᠶᠠᠰ ᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ | ᠡᠩ ᠤᠨ ᠴᠠᠭ ᠲᠤ ᠠᠳᠬᠤᠵᠤ᠂ ᠰᠤᠷᠤᠯᠴᠠᠯᠭ᠎ᠠ ᠶᠢᠨ ᠶᠠᠰᠤ ᠴᠢᠨᠠᠷ ᠲᠠᠢ᠂ ᠪᠠᠶᠢᠴᠠᠭᠠᠯᠲᠠ ᠶᠢᠨ ᠡᠷᠴᠢᠮ ᠲᠠᠢ᠂ | ᠥᠭᠡᠷᠡᠴᠢᠯᠡᠯᠲᠡ ᠶᠢᠨ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠨᠡᠩ ᠤᠯᠠᠨ ᠴᠢᠨᠠᠷ | ᠰᠠᠶᠢᠲᠠᠢ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠭᠰᠡᠨ ᠦᠷ᠎ᠡ ᠪᠦᠲᠦᠭᠡᠯ ᠢᠶᠠᠷ ᠪᠦᠬᠦ ᠬᠤᠳᠠ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠲᠠᠯ᠎ᠠ ᠪᠠᠷ | ᠲᠠᠬᠢᠨ ᠭᠦᠨᠵᠡᠭᠡᠶᠢᠷᠡᠭᠦᠯᠵᠦ᠂ ᠵᠠᠯᠠᠭᠤ ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ ᠢ ᠲᠤᠪᠤᠶᠢᠮ᠎ᠠ ᠰᠠᠶᠢᠲᠤᠷ | ᠠᠳᠬᠤᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ | ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |