ᠵᠢᠨᠢᠩ ᠲᠣᠭᠤᠷᠢᠭ ᠤᠨ ᠤᠯᠠᠭᠠᠨᠮᠥ᠋ᠴᠢᠷ ᠰᠢ ᠠᠨ ᠤ ᠲᠣᠷᠭᠠᠨ ᠵᠠᠮ ᠤᠨ ᠵᠢᠭᠤᠯᠴᠢᠯᠠᠯ ᠤᠨ ᠦᠵᠡᠰᠭᠦᠯᠡᠩ ᠤᠨ ᠴᠤᠭᠯᠠᠭᠠᠨ ᠳᠤ ᠬᠡᠷᠡᠯ ᠭᠢᠯᠪᠠᠭ᠎ᠠ ᠪᠠᠨ ᠰᠠᠴᠤᠷᠠᠭᠤᠯᠪᠡ
ᠨᠡᠶᠢᠲᠡᠯᠡᠭᠰᠡᠨ ᠴᠠᠭ᠄
2025/5/23
           ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ 4 ᠰᠠᠷ᠎ᠠ ᠶᠢᠨ 20 ᠤ ᠡᠳᠦᠷ᠂ ᠵᠢᠨᠢᠩ ᠲᠣᠭᠤᠷᠢᠭ ᠤᠨ ᠤᠯᠠᠭᠠᠨᠮᠥ᠋ᠴᠢᠷ ᠱᠠᠨᠰᠢ ᠮᠤᠵᠢ ᠶᠢᠨ ᠰᠢ ᠠᠨ ᠬᠤᠲᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠬᠦᠷᠴᠦ ︽2025 ᠰᠢ ᠠᠨ ᠤ ᠲᠣᠷᠭᠠᠨ ᠵᠠᠮ ᠤᠨ ᠣᠯᠠᠨ ᠤᠯᠤᠰ ᠤᠨ ᠵᠢᠭᠤᠯᠴᠢᠯᠠᠯ ᠤᠨ ᠦᠵᠡᠰᠬᠦᠯᠡᠩ︾ ᠤᠨ ᠲᠣᠭᠯᠠᠯᠲᠠ ᠶᠢᠨ ᠠᠵᠢᠯᠯᠠᠭ᠎ᠠ ᠳᠤ ᠣᠷᠣᠯᠴᠠᠪᠠ᠃ ᠵᠢᠨᠢᠩ ᠲᠣᠭᠤᠷᠢᠭ ᠤᠨ ᠤᠯᠠᠭᠠᠨᠮᠥ᠋ᠴᠢᠷ ᠤᠨ ᠬᠢᠨ ᠭᠤᠶᠢᠳᠠ ᠰᠠᠶᠢᠬᠠᠨ ᠮᠣᠩᠭᠤᠯ ᠬᠤᠪᠴᠠᠰᠤ ᠵᠠᠰᠠᠯ ᠢᠶᠠᠷ ᠢᠶᠠᠨ ᠪᠥᠵᠢᠭ ᠤᠨ ᠲᠠᠪᠴᠠᠩ ᠳᠡᠭᠡᠷ᠎ᠡ ᠰᠦᠷᠯᠢᠭ ᠰᠠᠶᠢᠬᠠᠨ ᠪᠥᠵᠢᠭ ᠤᠨ ᠬᠦᠳᠡᠯᠭᠡᠭᠡᠨ ᠢᠶᠠᠷ ᠮᠣᠩᠭᠤᠯ ᠦᠨᠳᠦᠰᠦᠲᠡᠨ ᠤ ᠣᠮᠤᠭ ᠪᠠᠭ᠋ᠠᠳᠤᠯ ᠢ ᠢᠯᠡᠷᠡᠭᠦᠯᠵᠦ᠂ ᠮᠣᠷᠢᠨ ᠬᠤᠭᠤᠷ ᠤᠨ ᠭᠤᠶᠢᠳᠠ ᠰᠠᠶᠢᠬᠠᠨ ᠲᠣᠭᠯᠠᠯᠲᠠ ᠨᠢ ᠦᠵᠡᠭᠴᠢᠳ ᠤᠨ ᠪᠠᠭ᠋ᠠᠳᠤᠯ ᠢ ᠳᠡᠪᠰᠢᠭᠦᠯᠪᠡ᠃    ᠲᠣᠰ ᠤᠳᠠᠭᠠᠨ ᠤ ᠦᠵᠡᠰᠬᠦᠯᠡᠩ ᠤᠨ ᠴᠤᠭᠯᠠᠭᠠᠨ ᠨᠢ ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠪᠡ᠃ ᠤᠯᠠᠭᠠᠨᠴᠠᠪ ᠬᠤᠲᠠ ᠨᠢ ᠤᠯᠤᠰ ᠤᠨ ᠤᠮᠠᠷᠠᠰᠢ ᠨᠡᠭᠡᠭᠡᠯᠲᠡ ᠬᠢᠬᠦ ᠬᠥᠭᠦᠷᠬᠡ ᠪᠠᠬᠢᠯᠡᠯᠲᠡ ᠶᠢᠨ ᠴᠢᠬᠤᠯᠠ ᠵᠠᠩᠭᠢᠯᠠᠭ᠎ᠠ ᠶᠢᠨ ᠬᠤᠲᠠ ᠪᠣᠯᠤᠭᠰᠠᠨ ᠤ ᠬᠤᠪᠢ ᠳᠤ᠂ ᠡᠯᠪᠡᠭ ᠪᠠᠶᠠᠯᠢᠭ ᠪᠠᠶᠢᠭᠠᠯᠢ ᠶᠢᠨ ᠦᠵᠡᠮᠵᠢ ᠬᠢᠭᠡᠳ ᠭᠦᠨ ᠵᠤᠵᠠᠭᠠᠨ ᠰᠣᠶᠣᠯ ᠢᠷᠭᠡᠨᠰᠢᠯ ᠤᠨ ᠠᠭᠤᠯᠤᠭᠳᠠᠬᠤᠨ ᠲᠠᠢ ᠪᠠᠶᠢᠵᠤ᠂ ᠨᠡᠭᠡᠭᠡᠯᠲᠡ ᠬᠢᠬᠦ ᠳᠦᠷᠰᠦ ᠪᠠᠶᠢᠳᠠᠯ ᠢᠶᠠᠷ ᠪᠥᠬᠦ ᠪᠥᠮᠪᠥᠷᠴᠡᠭ ᠤᠨ ᠠᠵᠠ ᠲᠣᠬᠢᠶᠠᠯ ᠲᠠᠢ ᠵᠠᠯᠭᠠᠵᠠᠢ᠃    ᠵᠢᠨᠢᠩ ᠲᠣᠭᠤᠷᠢᠭ ᠤᠨ ᠤᠯᠠᠭᠠᠨᠮᠥ᠋ᠴᠢᠷ ︽ᠰᠢᠨ᠎ᠡ ᠬᠡᠷᠡᠭᠯᠡᠭᠡᠨ ᠤ ᠰᠣᠶᠣᠯ ᠵᠢᠭᠤᠯᠴᠢᠯᠠᠯ ᠤᠨ ᠬᠠᠪᠰᠤᠷᠤᠨ ᠲᠡᠳᠬᠦᠬᠦ︾ ᠠᠵᠢᠯᠯᠠᠭ᠎ᠠ ᠶᠢᠨ ᠲᠣᠭᠯᠠᠯᠲᠠ ᠶᠢᠨ ᠳᠤᠮᠳᠡᠬᠢ ᠭᠤᠶᠢᠳᠠ ᠰᠠᠶᠢᠬᠠᠨ ᠢᠯᠡᠷᠡᠯ ᠨᠢ ᠳᠡᠯᠡᠬᠡᠶ ᠳ᠋ᠠᠬᠢᠨ ᠳᠤ ︽ᠲᠠᠯ᠎ᠠ ᠨᠤᠲᠤᠭ ᠤᠨ ᠭᠡᠷᠡᠯᠲᠦ ᠰᠤᠪᠤᠳ︾ ᠤᠨ ᠬᠤᠲᠠ ᠶᠢᠨ ᠨᠡᠷ᠎ᠡ ᠶᠢᠨ ᠬᠠᠭᠤᠳᠠᠰᠤ ᠭᠠᠷᠳᠠᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠲᠠᠪᠴᠠᠩ ᠢ ᠠᠰᠢᠭᠯᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠭᠰᠡᠨ ᠪᠠᠶᠢᠨ᠎ᠠ᠃ ᠵᠢᠨᠢᠩ ᠲᠣᠭᠤᠷᠢᠭ ᠤᠨ ᠤᠯᠠᠭᠠᠨᠮᠥ᠋ᠴᠢᠷ ᠤᠨ ᠬᠢᠨ ᠦᠨᠳᠦᠰᠦᠲᠡᠨ ᠤ ᠰᠣᠶᠣᠯ ᠢ ᠤᠯᠠᠮᠵᠢᠯᠠᠨ ᠪᠠᠳᠠᠷᠠᠭᠤᠯᠬᠤ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠪᠠᠷᠢᠮᠲᠠᠯᠠᠵᠤ᠂ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠵᠦ᠂ ᠤᠯᠠᠭᠠᠨᠴᠠᠪ ᠤᠨ ᠴᠡᠴᠡᠭ ᠢ ᠨᠠᠩ ᠥᠷᠭᠡᠨ ᠠᠭᠤᠳᠠᠮ ᠲᠠᠪᠴᠠᠩ ᠳᠡᠭᠡᠷ᠎ᠡ ᠬᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃                               ᠤᠷᠴᠢᠭᠤᠯᠤᠭᠴᠢ᠄ ᠬᠦᠰᠡᠯ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2