| | ᠤᠶᠢᠷ᠎ᠡ ᠶᠢᠨ ᠡᠳᠦᠷ᠂ ᠰᠤᠷᠪᠤᠯᠵᠢᠯᠠᠭᠴᠢ ᠯᠢᠶᠠᠩᠴᠧᠩ ᠰᠢᠶᠠᠨ ᠤ ᠲᠢᠶᠠᠨ ᠴᠧᠩ ᠰᠢᠶᠠᠩ ᠤᠨ ᠭᠠᠨ ᠼᠤᠤ | ᠬᠤ᠋ ᠳ᠋ᠦᠩ ᠳᠣᠰᠬᠤᠨ ᠤ ᠪᠠᠷᠠᠭᠤᠨ ᠳᠠᠭ᠎ᠠ ᠶᠢᠨ ᠨᠠᠭᠤᠷ ᠤᠨ ᠣᠢ ᠰᠢᠭᠤᠢ ᠶᠢᠨ ᠲᠠᠯᠠᠪᠠᠢ ᠶᠢᠨ ᠴᠢᠬᠢ ᠮᠣᠳᠣᠨ ᠤ | ᠬᠦᠷᠢᠶᠡᠯᠡᠩ ᠤᠨ ᠰᠠᠭᠤᠷᠢᠨ ᠭᠠᠵᠠᠷ ᠲᠤ ᠬᠦᠷᠴᠦ᠂ ᠨᠢᠳᠦᠨ ᠡᠮᠦᠨ᠎ᠡ ᠨᠢ ᠬᠥᠷ ᠬᠥᠭᠵᠢᠶᠡᠨ ᠢᠶᠠᠷ ᠪᠢᠯᠬᠠᠵᠤ ᠪᠠᠶᠢᠭ᠎ᠠ | ᠪᠠᠶᠢᠳᠠᠯ ᠢᠯᠡᠷᠡᠪᠡ᠃ ᠠᠵᠢᠯᠴᠢᠳ ᠶᠠᠭ ᠭᠤᠤ ᠭᠠᠷᠭᠠᠵᠤ᠂ ᠰᠢᠷᠣᠶ ᠨᠡᠮᠡᠵᠦ᠂ ᠪᠦᠬᠦ᠋ᠢᠯᠡ ᠶᠠᠪᠤᠴᠠ ᠨᠢ ᠶᠠᠭᠠᠷᠠᠯᠲᠠᠶ | ᠪᠥᠭᠡᠳ ᠡᠮᠬᠢ ᠵᠢᠷᠤᠮ ᠲᠠᠢ ᠪᠠᠶᠢᠪᠠ᠃ | ᠣᠶᠢᠯᠠᠭᠠᠭᠰᠠᠨ ᠢᠶᠠᠷ᠂ ᠳᠠᠭ᠎ᠠ ᠶᠢᠨ ᠨᠠᠭᠤᠷ ᠤᠨ ᠣᠶ ᠰᠢᠭᠤᠶ ᠶᠢᠨ ᠲᠠᠯᠠᠪᠠᠶ ᠶᠢᠨ ᠡᠵᠡᠯᠡᠬᠦ ᠲᠠᠯᠠᠪᠠᠶ ᠨᠢ 150 | ᠮᠥ ᠪᠠᠶᠢᠵᠤ᠂ ᠮᠠᠰᠢᠨ ᠴᠠᠬᠢᠯᠭᠠᠨ ᠤ ᠬᠤᠳᠳᠤᠭ ᠤᠨ ᠰᠢᠰᠲ᠋ᠧᠮ ᠪᠠ ᠤᠰᠤᠯᠠᠯᠲᠠ ᠶᠢᠨ ᠰᠢᠰᠲ᠋ᠧᠮ ᠢ ᠨᠢᠭᠡᠨᠲᠡ ᠲᠣᠰ | ᠲᠣᠰ 1 ᠢᠵᠢ ᠰᠢᠨ᠎ᠡ ᠪᠠᠷ ᠪᠠᠶᠢᠭᠤᠯᠵᠤ᠂ 2025 ᠣᠨ ᠳᠤ ᠪᠠᠲᠤᠯᠠᠭ᠎ᠠ ᠶᠢᠨ ᠴᠢᠨᠠᠷᠲᠠᠶ ᠴᠢᠬᠢ ᠮᠣᠳᠣᠨ ᠤ | ᠬᠦᠷᠢᠶᠡᠯᠡᠩ ᠢ ᠪᠤᠶᠢᠵᠢᠭᠤᠯᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠠᠷ ᠲᠥᠯᠥᠪᠯᠡᠵᠦ᠂ 200 ᠲᠦᠮᠡᠨ | ᠰᠠᠭᠤᠷᠢ ᠨᠠᠷᠠᠰᠤᠨ ᠰᠠᠪᠠ ᠴᠢᠬᠢ᠂ 150 ᠲᠦᠮᠡᠨ ᠰᠠᠭᠤᠷᠢ ᠵᠢᠭᠠᠷᠲᠤ ᠴᠡᠴᠡᠭ ᠤᠨ ᠰᠠᠪᠠ ᠴᠢᠬᠢ᠂ 30 ᠲᠦᠮᠡᠨ | ᠴᠢᠴᠠᠷᠭᠠᠨ᠎ᠠ ᠶᠢᠨ ᠰᠠᠪᠠ ᠴᠢᠬᠢ ᠵᠢᠴᠢ ᠬᠠᠷᠭᠠᠨ᠎ᠠ ᠶᠢᠨ ᠰᠠᠶᠢᠨ ᠡᠭᠦᠯᠳᠡᠷ ᠤᠨ ᠰᠠᠪᠠ ᠴᠢᠬᠢ ᠶᠢ ᠪᠤᠶᠢᠵᠢᠭᠤᠯᠬᠤ ᠪᠠᠷ | ᠲᠥᠯᠥᠪᠯᠡᠵᠦ᠂ ᠮᠠᠨ ᠤ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ︽ᠭᠤᠷᠪᠠᠨ ᠤᠮᠠᠷᠠᠲᠤ︾ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠴᠢᠨᠠᠷ ᠰᠠᠶᠢᠲᠠᠶ ᠴᠢᠬᠢ ᠮᠣᠳᠣ ᠬᠠᠩᠭᠠᠨ᠎ᠡ᠃ | ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠤᠢ ᠰᠢᠭᠤᠢ ᠶᠢᠨ ᠲᠠᠯᠠᠪᠠᠢ ᠶᠢᠨ ᠪᠠᠲᠤᠯᠠᠭ᠎ᠠ ᠶᠢᠨ ᠴᠢᠨᠠᠷᠲᠠᠢ | ᠴᠢᠬᠢ ᠮᠣᠳᠣᠨ ᠤ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠶᠡᠷᠦᠩᠬᠡᠢ ᠬᠢᠨᠠᠭᠴᠢ ᠯᠢᠶᠠᠩ | ᠵᠢᠶᠦ᠋ᠨ ᠯᠢᠨ᠄ ︽ᠵᠠᠯᠭᠠᠭᠠᠳ ᠴᠢᠬᠢ ᠮᠣᠳᠣᠨ ᠤ ᠬᠦᠷᠢᠶᠡᠯᠡᠩ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠪᠣᠯᠤᠨ | ᠴᠢᠬᠢ ᠪᠤᠶᠢᠵᠢᠭᠤᠯᠬᠤ ᠠᠵᠢᠯ ᠢ ᠲᠠᠰᠤᠷᠠᠯᠲᠠ ᠦᠭᠡᠢ ᠠᠬᠢᠭᠤᠯᠵᠤ᠂ ︿ᠭᠤᠷᠪᠠᠨ ᠤᠮᠠᠷᠠᠲᠤ﹀ ᠶᠢᠨ ᠢᠨᠵᠧᠨᠧᠷᠢᠩ ᠤᠨ | ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠴᠢᠬᠢ ᠮᠣᠳᠣ ᠳᠤ ᠪᠠᠲᠤ ᠪᠠᠬᠢ ᠴᠢᠬᠢ ᠮᠣᠳᠣᠨ ᠤ ᠪᠠᠲᠤᠯᠠᠭ᠎ᠠ ᠬᠠᠩᠭᠠᠵᠤ᠂ | ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠬᠦ ᠳᠤ ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ ᠬᠡᠯᠡᠪᠡ᠃ | ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ︽ᠬᠥᠬᠡᠮᠳᠦᠭ ᠨᠤᠮᠢᠨ ᠠᠭᠤᠯᠠ ᠤᠰᠤ ᠪᠣᠯ ᠠᠯᠳᠠ ᠮᠥᠩᠭᠦᠨ | ᠠᠭᠤᠯᠠ ᠮᠥᠨ︾ ᠭᠡᠬᠦ ᠤᠢᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠪᠠᠲᠤᠯᠠᠭ᠎ᠠ ᠶᠢᠨ ᠴᠢᠨᠠᠷᠲᠠᠢ | ᠴᠢᠬᠢ ᠮᠣᠳᠣᠨ ᠤ ᠬᠦᠷᠢᠶᠡᠯᠡᠩ ᠤᠨ ᠰᠠᠭᠤᠷᠢᠨ ᠢ ᠬᠦᠴᠦᠯᠡᠨ ᠪᠠᠶᠢᠭᠤᠯᠵᠤ᠂ ᠴᠢᠬᠢ ᠮᠣᠳᠣᠨ ᠤ ᠨᠥᠭᠡᠴᠡ ᠶᠢᠨ | ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠵᠦ᠂ ᠪᠦᠬᠦ ᠣᠷᠣᠨ ᠪᠦᠰᠡ ᠶᠢᠨ ᠤᠯᠤᠰ ᠤᠨ ᠨᠤᠲᠤᠭ ᠳᠡᠪᠢᠰᠬᠡᠷ ᠤᠨ | ᠨᠣᠭᠤᠭᠠᠷᠠᠭᠤᠯᠤᠯᠲᠠ ᠪᠣᠯᠤᠨ ᠮᠠᠭᠤᠳᠠᠭᠰᠠᠨ ᠤᠢ ᠶᠢᠨ ᠠᠮᠢ ᠠᠬᠤᠢ ᠶᠢ ᠰᠡᠷᠭᠦᠭᠡᠬᠦ ᠶᠢ ᠭᠦᠨᠵᠡᠭᠡᠢ ᠠᠬᠢᠭᠤᠯᠵᠤ᠂ | ᠪᠣᠬᠢᠷᠲᠤᠯ ᠦᠭᠡᠢ ᠬᠥᠭᠵᠢᠯᠲᠡ ᠶᠢ ᠬᠥᠭᠵᠢᠯᠲᠡ ᠪᠣᠯᠤᠨ ᠠᠮᠢ ᠠᠬᠤᠢ ᠶᠢᠨ ᠰᠠᠭᠤᠷᠢ ᠦᠩᠬᠡ ᠪᠣᠯᠭᠠᠪᠠ᠃ | ᠣᠶᠢᠷ᠎ᠠ ᠶᠢᠨ ᠭᠤᠷᠪᠠᠨ ᠵᠢᠯ ᠳᠤ᠂ ᠪᠥᠬᠦ ᠰᠢᠶᠠᠨ ᠢᠶᠠᠷ ᠢᠶᠠᠨ ᠨᠡᠶᠢᠲᠡ 3 ᠲᠦᠮᠡ ᠭᠠᠷᠤᠶ ᠮᠥ ᠣᠶᠢᠵᠢᠭᠤᠯᠵᠤ | ᠨᠣᠭᠤᠭᠠᠷᠠᠭᠤᠯᠬᠤ ᠶᠢ ᠪᠡᠶᠡᠯᠡᠭᠦᠯᠵᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠨᠢᠭᠡᠨᠲᠡ 35.17% ᠳᠤ | ᠬᠦᠷᠴᠡᠶ᠃ | ᠵᠣᠬᠢᠶᠠᠭᠴᠢ᠄ ᠯᠢ ᠤᠣ ᠮᠢᠨ | ᠣᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |