5 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠲᠥᠯᠥᠪᠵᠢᠭᠦᠯᠦᠨ ᠪᠠᠶᠢᠷᠢᠰᠢᠭᠤᠯᠬᠤ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠥᠨᠳᠥᠷ | ᠲᠦᠪᠰᠢᠨ ᠲᠠᠢ ᠲᠥᠯᠥᠪᠵᠢᠭᠦᠯᠭᠡ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠲᠠᠪᠤᠨ ᠶᠡᠭᠡ ᠡᠭᠦᠷᠭᠡ︾᠂ | ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ | ᠠᠵᠢᠯᠯᠠᠭ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡ᠂ | ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠢᠨ᠎ᠡ | ᠨᠡᠮᠡᠭᠳᠡᠯ ᠢ ᠠᠳᠬᠤᠵᠤ᠂ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ | ᠪᠠᠲᠤᠲᠠᠶ ᠥᠷᠨᠢᠭᠦᠯᠵᠦ᠂ ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ | ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ | ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠤᠴᠢᠨ ᠲᠠᠪᠤᠳᠠᠭᠢ ᠪᠦᠬᠦ | ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠬᠦ ᠲᠠᠰᠢᠷᠠᠮ ᠳᠤ ᠭᠠᠷᠭᠠᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ | ᠲᠦᠷᠢᠮ ᠪᠣᠯᠤᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠦᠨᠡᠨ | ᠰᠡᠳᠬᠢᠯ ᠠᠴᠠ ᠪᠠᠨ ᠵᠡᠮᠳᠡᠭᠴᠦᠳ ᠲᠤ ᠰᠠᠶᠢᠨ ᠶᠠᠪᠤᠳᠠᠯ ᠬᠢᠵᠦ᠂ ᠵᠡᠮᠳᠡᠭᠴᠦᠳ ᠤᠨ ᠬᠦᠷᠲᠡᠮᠵᠢ ᠶᠢᠨ ᠲᠦᠷᠦᠭᠳᠡᠯ | ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ | ᠶᠡᠷᠦᠩᠬᠡᠢ ᠱᠦᠵᠢ ᠰᠢ ᠶᠢᠨ ᠫᠢᠩ ᠤᠨ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠠᠵᠢᠯᠴᠢ ᠠᠷᠪᠢᠴᠢ ᠪᠠᠷ | ᠠᠷᠪᠢᠯᠠᠨ ᠭᠠᠮᠨᠠᠬᠤ ᠲᠤᠬᠠᠢ ᠴᠢᠬᠤᠯᠠ ᠥᠭᠦᠯᠡᠯᠲᠡ ᠶᠢ ᠲᠠᠬᠢᠨ ᠰᠤᠷᠤᠯᠴᠠᠵᠤ᠂ ︽ᠠᠷᠪᠢᠯᠠᠨ ᠭᠠᠮᠨᠠᠵᠤ ᠠᠮᠢᠳᠤᠷᠠᠬᠤ︾ | ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠠᠷᠪᠢᠯᠠᠨ ᠭᠠᠮᠨᠠᠵᠤ | ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ︾ ᠢ ᠰᠠᠶᠢᠲᠤᠷ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ | ᠪᠦᠷᠢᠯᠭᠡᠨ ᠰᠦᠢᠳᠭᠡᠬᠦ ᠨᠢ ᠢᠴᠢᠭᠦᠷᠢᠳᠡᠢ᠂ ᠠᠷᠪᠢᠯᠠᠬᠤ ᠨᠢ ᠢᠷᠠᠭᠤ ᠠᠯᠳᠠᠷᠲᠠᠢ ᠭᠡᠬᠦ ᠭᠦᠨ ᠵᠤᠵᠠᠭᠠᠨ ᠠᠭᠤᠷ | ᠠᠮᠢᠰᠬᠤᠯ ᠢ ᠦᠨᠡᠨ ᠬᠦ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ | ᠰᠢᠰᠲ᠋ᠧᠮ ᠲᠠᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ | ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠦᠷᠭᠦᠯᠵᠢᠯᠡᠨ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ | ᠰᠠᠶᠢᠵᠢᠷᠠᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |