| | ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 5 ᠳ᠋ᠤᠭᠠᠷ ᠰᠠᠷ᠎ᠠ ᠶᠢᠨ 23 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ︽ | ᠦᠢᠯᠡᠳᠬᠦ ᠦᠢᠯᠡᠰ ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠠᠵᠢᠯᠯᠠᠭᠠᠨ ᠤ | ᠲᠥᠰᠥᠯ ︵2025 - 2027 ᠣᠨ︶︾ ᠢ ᠬᠢᠨᠠᠨ ᠶᠠᠷᠢᠯᠴᠠᠵᠤ ᠪᠠᠲᠤᠯᠠᠪᠠ᠂ ᠠᠮᠢ ᠠᠬᠤᠢ ᠶᠢᠨ | ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ | ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠶᠠᠷᠢᠯᠴᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠦᠢᠯᠡᠳᠬᠦ ᠦᠢᠯᠡᠰ ᠤᠨ ᠪᠣᠬᠢᠷᠲᠤᠯ ᠦᠭᠡᠢ ᠳᠣᠣᠷ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠪᠣᠯ ᠶᠡᠭᠡ ᠬᠠᠨᠳᠤᠰᠢ ᠶᠤᠮ᠂ ᠪᠣᠬᠢᠷᠲᠤᠯ ᠦᠭᠡᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠡᠷᠢᠭᠦᠨ ᠤ ᠪᠣᠬᠢᠷᠲᠤᠯ ᠦᠭᠡᠢ ᠮᠡᠷᠭᠡᠵᠢᠯ ᠢ | ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠲᠤᠯ | ᠦᠭᠡᠢ ᠰᠠᠭᠤᠷᠢ ᠶᠢ ᠴᠢᠩᠭᠠᠳᠬᠠᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠵᠡᠷᠭᠡ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠯᠦᠭᠡ ᠤᠶᠠᠯᠳᠤᠭᠤᠯᠵᠤ᠂ ᠲᠡᠷᠢᠭᠦᠨ ᠤ ᠲᠤᠨᠤᠭ ᠲᠥᠬᠦᠭᠡᠷᠦᠮᠵᠢ ᠪᠠ | ᠤᠷᠠᠯᠠᠯ ᠢ ᠢᠳᠡᠪᠬᠢᠲᠡᠢ ᠬᠡᠷᠡᠭᠯᠡᠵᠦ᠂ ᠭᠤᠣᠯᠳᠠᠯᠭ᠎ᠠ ᠪᠣᠯᠬᠤ ᠠᠵᠢᠯ ᠲᠦᠷᠦᠯ ᠤᠨ ᠪᠣᠬᠢᠷᠲᠤᠯ ᠦᠭᠡᠢ ᠪᠠᠷ | ᠥᠭᠡᠷᠡᠴᠢᠯᠡᠨ ᠰᠢᠨᠡᠳᠬᠡᠵᠦ ᠲᠡᠰ ᠳᠡᠪᠰᠢᠭᠦᠯᠬᠦ ᠶᠢ ᠲᠦᠷᠭᠡᠳᠬᠡᠬᠦ ᠬᠡᠷᠡᠭᠲᠡᠢ᠃ ᠰᠢᠨ᠎ᠡ ᠪᠠᠷ ᠮᠠᠨᠳᠤᠵᠤ ᠪᠠᠶᠢᠭ᠎ᠠ ᠠᠵᠤ | ᠦᠢᠯᠡᠰ ᠤᠨ ᠥᠨᠳᠥᠷ ᠭᠠᠷᠤᠭ᠎ᠠ ᠲᠠᠢ ᠪᠣᠬᠢᠷᠲᠤᠯ ᠦᠭᠡᠢ ᠬᠥᠭᠵᠢᠯᠲᠡ ᠶᠢ ᠬᠥᠲᠥᠯᠥᠨ ᠳᠠᠭᠠᠭᠤᠯᠵᠤ᠂ ᠴᠡᠪᠡᠷ | ᠡᠨᠧᠷᠭᠢ᠂ ᠪᠣᠬᠢᠷᠲᠤᠯ ᠦᠭᠡᠢ ᠦᠢᠯᠡᠳᠬᠦᠨ ᠤ ᠳᠡᠯᠭᠡᠷᠡᠭᠦᠯᠦᠯᠲᠡ ᠶᠢ ᠴᠢᠩᠭᠠᠳᠬᠠᠵᠤ᠂ ᠡᠬᠢ ᠪᠠᠶᠠᠯᠢᠭ ᠢ | ᠣᠷᠴᠢᠯᠳᠤᠭᠤᠯᠤᠨ ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠨᠡᠶᠢᠲᠡᠴᠢ ᠴᠢᠨᠠᠷᠲᠠᠢ | ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠪᠣᠯᠬᠤ ᠬᠦᠷᠢᠶᠡᠨ ᠳᠠᠬᠢ ᠪᠠᠷᠢᠮᠵᠢᠶ᠎ᠠ ᠶᠢ | ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠪᠣᠬᠢᠷᠲᠤᠯ ᠦᠭᠡᠢ | ᠦᠢᠯᠡᠳᠬᠦ ᠪᠠ ᠦᠢᠯᠡᠴᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠠᠵᠤ ᠠᠬᠤᠶᠢᠯᠠᠯ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦᠯᠬᠦ ᠶᠢ ᠨᠡᠩ ᠰᠠᠶᠢᠲᠤᠷ ᠳᠡᠮᠵᠢᠨ ᠬᠠᠪᠰᠤᠷᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠥᠪᠡᠷ ᠤᠨ ᠦᠷᠳᠡᠭ ᠢ ᠨᠢ ᠬᠠᠮᠲᠤ ᠪᠠᠷ | ᠡᠭᠦᠷᠭᠡᠯᠡᠬᠦ᠂ ᠦᠷ᠎ᠡ ᠠᠰᠢᠭ ᠢ ᠨᠢ ᠬᠠᠮᠲᠤ ᠪᠠᠷ ᠡᠳ᠋ᠯᠡᠬᠦ᠂ ᠬᠠᠮᠲᠤᠷᠠᠯᠴᠠᠵᠤ ᠬᠠᠮᠲᠤ ᠪᠠᠷ ᠵᠠᠰᠠᠬᠤ ᠠᠮᠢ ᠠᠬᠤᠢ ᠶᠢᠨ | ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢ ᠪᠠᠶᠢᠭᠤᠯᠬᠤ ᠪᠣᠯ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠣᠷᠣᠨ ᠪᠦᠰᠡ ᠶᠢᠨ ᠬᠤᠭᠤᠷᠣᠨᠳᠣᠬᠢ ᠬᠠᠮᠵᠢᠯᠴᠠᠨ ᠬᠥᠭᠵᠢᠬᠦ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠦᠷᠬᠦᠴᠡ ᠪᠠᠷ ᠨᠡᠩ ᠪᠦᠬᠦ ᠲᠠᠯ᠎ᠠ ᠶᠢᠨ᠂ ᠡᠷᠬᠡ | ᠬᠠᠷᠢᠭᠤᠴᠠᠯᠭ᠎ᠠ ᠪᠠᠷ ᠨᠡᠩ ᠲᠣᠳᠣᠷᠬᠠᠢ᠂ ᠠᠷᠭ᠎ᠠ ᠬᠡᠯᠪᠡᠷᠢ ᠪᠠᠷ ᠨᠡᠩ ᠤᠯᠠᠨ ᠡᠰᠢᠴᠢᠯᠡᠭᠰᠡᠨ᠂ ᠵᠠᠰᠠᠯᠲᠠ ᠪᠠᠷ ᠨᠡᠩ | ᠥᠨᠳᠥᠷ ᠪᠦᠲᠦᠮᠵᠢᠲᠡᠢ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ | ᠪᠠᠶᠢᠭᠤᠯᠬᠤ ᠶᠢ ᠠᠬᠢᠭᠤᠯᠵᠤ᠂ ᠭᠤᠣᠯᠳᠠᠯᠭ᠎ᠠ ᠪᠣᠯᠬᠤ ᠡᠭᠦᠷᠭᠡ ᠪᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠤᠯᠠᠮ | ᠨᠢᠭᠡ ᠠᠯᠬᠤᠮ ᠨᠠᠷᠢᠯᠢᠭᠵᠢᠭᠤᠯᠵᠤ᠂ ᠠᠮᠢ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠭᠠᠵᠠᠷ ᠪᠠ ᠠᠰᠢᠭ | ᠬᠦᠷᠳᠡᠬᠦ ᠭᠠᠵᠠᠷ ᠤᠨ ᠰᠠᠶᠢᠨ ᠦᠢᠯᠡᠳᠦᠯᠴᠡᠯ ᠢ ᠪᠡᠶᠡᠯᠡᠭᠦᠯᠬᠦ ᠬᠡᠷᠡᠭᠲᠡᠢ᠃ ᠥᠷᠭᠡᠨ ᠶᠡᠭᠡ ᠭᠤᠣᠯ ᠮᠥᠷᠡᠨ ᠤ ᠭᠤᠣᠯ | ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢᠨ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠨᠥᠬᠦᠪᠦᠷᠢᠯᠡᠬᠦ ᠬᠦᠷᠢᠶ᠎ᠡ ᠶᠢ ᠨᠢ ᠲᠣᠭᠲᠠᠭᠤᠨ ᠢᠶᠠᠷ ᠥᠷᠭᠡᠳᠬᠡᠵᠦ᠂ | ᠤᠢ ᠰᠢᠭᠤᠢ᠂ ᠨᠤᠲᠤᠭ ᠪᠡᠯᠴᠢᠭᠡᠷ᠂ ᠠᠭᠠᠷ ᠮᠠᠨᠳᠠᠯ ᠵᠡᠷᠭᠡ ᠪᠤᠰᠤᠳ ᠠᠮᠢ ᠠᠬᠤᠢ ᠶᠢᠨ ᠣᠷᠴᠢᠨ ᠲᠣᠭᠤᠷᠢᠨ ᠤ | ᠬᠦᠴᠦᠨ ᠵᠦᠢᠯ ᠤᠨ ᠨᠥᠬᠦᠪᠦᠷᠢ ᠶᠢᠨ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠱᠠᠩᠨᠠᠵᠤ | ᠲᠣᠷᠭᠠᠬᠤ ᠶᠢ ᠲᠣᠳᠣ ᠪᠠᠶᠢᠯᠭᠠᠬᠤ ᠳᠦᠷᠢᠮ ᠲᠣᠭᠲᠠᠴᠠ ᠶᠢ ᠪᠦᠷᠢᠨᠰᠢᠭᠦᠯᠵᠦ᠂ ︽ᠬᠡᠨ ᠪᠣᠬᠢᠷᠲᠤᠭᠤᠯᠪᠠᠯ ᠲᠡᠷᠡ | ᠵᠠᠰᠠᠬᠤ᠂ ᠬᠡᠨ ᠬᠠᠮᠠᠭᠠᠯᠠᠪᠠᠯ ᠲᠡᠷᠡ ᠠᠰᠢᠭ ᠬᠦᠷᠳᠡᠬᠦ︾ ᠶᠢ ᠪᠠᠷᠢᠮᠲᠠᠯᠠᠵᠤ᠂ ᠤᠷᠮᠠᠰᠢᠭᠤᠯᠬᠤ ᠪᠠ ᠬᠦᠯᠢᠶᠡᠰᠦᠯᠡᠬᠦ | ᠲᠦᠷᠦ ᠶᠢᠨ ᠪᠣᠳᠣᠯᠭ᠎ᠠ ᠶᠢ ᠰᠤᠳᠤᠯᠤᠨ ᠲᠡᠭᠦᠯᠳᠡᠷᠵᠢᠭᠦᠯᠵᠦ᠂ ᠨᠡᠩ ᠤᠯᠠᠨ ᠨᠡᠶᠢᠭᠡᠮ ᠤᠨ ᠬᠥᠷᠥᠩᠭᠡ ᠶᠢ ᠲᠠᠲᠠᠵᠤ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠣᠷᠣᠭᠤᠯᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ | ᠠᠮᠤᠷ ᠲᠦᠪᠰᠢᠨ ᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ | ᠲᠣᠭᠲᠠᠪᠠ᠃ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠢᠳᠡᠭᠡᠨ ᠤ ᠵᠦᠢᠯ ᠤᠨ ᠠᠮᠤᠷ ᠲᠦᠪᠰᠢᠨ ᠪᠣᠯ | ᠠᠮᠢ ᠨᠠᠰᠤ ᠡᠷᠡᠭᠦᠯ ᠮᠡᠨᠳᠦ ᠳᠤ ᠬᠤᠯᠪᠣᠭᠳᠠᠨ᠎ᠠ᠂ ᠪᠠᠴᠢᠮ ᠬᠡᠷᠡᠭᠯᠡᠬᠦ ᠶᠢ ᠤᠷᠢᠳ ᠢᠶᠠᠷ ᠬᠡᠷᠡᠭᠵᠢᠭᠦᠯᠬᠦ ᠵᠠᠷᠴᠢᠮ | ᠶᠣᠰᠣᠭᠠᠷ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠲᠡᠭᠦᠯᠳᠡᠷᠵᠢᠭᠦᠯᠵᠦ᠂ ᠨᠡᠩ ᠰᠢᠨᠵᠢᠯᠡᠬᠦ | ᠤᠬᠠᠭᠠᠨᠴᠢ ᠴᠢᠩᠭ᠎ᠠ ᠨᠢᠮᠪᠠᠢ ᠢᠳᠡᠭᠡᠨ ᠤ ᠵᠦᠢᠯ ᠤᠨ ᠠᠮᠤᠷ ᠲᠦᠪᠰᠢᠨ ᠤ ᠪᠠᠷᠢᠮᠵᠢᠶ᠎ᠠ᠂ ᠢᠯᠠᠩᠭᠤᠶ᠎ᠠ | ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶᠠᠨ ᠤ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ ᠢᠳᠡᠭᠡᠨ ᠤ ᠵᠦᠢᠯ ᠤᠨ | ᠠᠮᠤᠷ ᠲᠦᠪᠰᠢᠨ ᠤ ᠵᠠᠰᠠᠯᠲᠠ ᠶᠢᠨ ᠬᠡᠪ ᠵᠠᠭᠪᠤᠷ ᠢ ᠬᠡᠷᠡᠭ ᠡᠭᠦᠰᠬᠦ ᠠᠴᠠ ᠤᠷᠢᠳ ᠰᠡᠷᠭᠡᠶᠢᠯᠡᠬᠦ ᠲᠡᠶᠢᠰᠢ | ᠬᠤᠪᠢᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠬᠡᠯᠬᠢᠶᠡᠨ ᠳᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠶᠢ ᠦᠨᠳᠦᠰᠦᠨ ᠱᠠᠲᠤᠨ ᠳᠤ ᠬᠠᠨᠳᠤᠭᠤᠯᠬᠤ ᠶᠢ | ᠠᠬᠢᠭᠤᠯᠵᠤ᠂ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠶᠢ ᠴᠢᠩᠳᠠᠯᠠᠬᠤ ᠬᠡᠷᠡᠭᠲᠡᠢ᠃ ᠭᠤᠣᠯᠳᠠᠯᠭ᠎ᠠ ᠪᠣᠯᠬᠤ | ᠬᠦᠷᠢᠶ᠎ᠡ ᠶᠢ ᠲᠣᠪᠤᠶᠢᠯᠭᠠᠨ ᠲᠤᠰᠬᠠᠢ ᠵᠠᠰᠠᠯᠲᠠ ᠶᠢ ᠥᠷᠨᠢᠭᠦᠯᠵᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ | ᠦᠷ᠎ᠡ ᠳ᠋ᠦᠩ ᠢ ᠰᠢᠢᠳᠪᠦᠷᠢᠯᠡᠬᠦ ᠪᠠᠨ ᠴᠢᠩᠭᠠᠳᠬᠠᠵᠤ᠂ ᠢᠯᠡᠷᠡᠭᠦᠯᠦᠭᠰᠡᠨ ᠠᠰᠠᠭᠤᠳᠠᠯ ᠢ ᠬᠠᠤᠯᠢ ᠶᠣᠰᠣᠭᠠᠷ ᠴᠢᠩᠭ᠎ᠠ | ᠰᠢᠢᠳᠬᠡᠵᠦ᠂ ᠥᠴᠥᠬᠡᠨ ᠴᠦ ᠢᠯᠳᠠᠷ ᠬᠠᠶᠠᠬᠤ ᠦᠭᠡᠢ ᠪᠠᠶᠢᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ | ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | |