ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/27
    5 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠵᠢᠭᠦᠯᠦᠨ ᠪᠠᠶᠢᠷᠢᠰᠢᠭᠤᠯᠬᠤ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠥᠨᠳᠥᠷ ᠲᠦᠪᠰᠢᠨ ᠲᠠᠢ ᠲᠥᠯᠥᠪᠵᠢᠭᠦᠯᠭᠡ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠠᠵᠢᠯᠯᠠᠭ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠢᠨ᠎ᠡ ᠨᠡᠮᠡᠭᠳᠡᠯ ᠢ ᠠᠳᠬᠤᠵᠤ᠂ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠤᠴᠢᠨ ᠲᠠᠪᠤᠳᠠᠭᠢ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠬᠦ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠲᠦᠷᠢᠮ ᠪᠣᠯᠤᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠦᠨᠡᠨ ᠰᠡᠳᠬᠢᠯ ᠠᠴᠠ ᠪᠠᠨ ᠵᠡᠮᠳᠡᠭᠴᠦᠳ ᠲᠤ ᠰᠠᠶᠢᠨ ᠶᠠᠪᠤᠳᠠᠯ ᠬᠢᠵᠦ᠂ ᠵᠡᠮᠳᠡᠭᠴᠦᠳ ᠤᠨ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠲᠤᠬᠠᠢ ᠴᠢᠬᠤᠯᠠ ᠥᠭᠦᠯᠡᠯᠲᠡ ᠶᠢ ᠲᠠᠬᠢᠨ ᠰᠤᠷᠤᠯᠴᠠᠵᠤ᠂ ︽ᠠᠷᠪᠢᠯᠠᠨ ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠠᠷᠪᠢᠯᠠᠨ ᠭᠠᠮᠨᠠᠵᠤ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ︾ ᠢ ᠰᠠᠶᠢᠲᠤᠷ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠪᠦᠷᠢᠯᠭᠡᠨ ᠰᠦᠢᠳᠭᠡᠬᠦ ᠨᠢ ᠢᠴᠢᠭᠦᠷᠢᠳᠡᠢ᠂ ᠠᠷᠪᠢᠯᠠᠬᠤ ᠨᠢ ᠢᠷᠠᠭᠤ ᠠᠯᠳᠠᠷᠲᠠᠢ ᠭᠡᠬᠦ ᠭᠦᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                      ᠣᠷᠴᠢᠭᠤᠯᠤᠭᠴᠢ᠄ ᠭᠤᠸ᠎ᠠ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2