ᠵᠦᠸᠧᠽᠢ ᠰᠢᠶᠠᠨ᠄ ︽ᠬᠠᠭᠤᠴᠢᠨ ᠢᠶᠠᠷ ᠰᠢᠨ᠎ᠡ ᠶᠢ ᠰᠣᠯᠢᠬᠤ︾ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ
ᠨᠡᠶᠢᠲᠡᠯᠡᠭᠰᠡᠨ ᠴᠠᠭ᠄
2025/5/27
         ᠣᠶᠢᠷ᠎ᠠ ᠳᠤ᠂ ᠰᠤᠷᠪᠤᠯᠵᠢᠯᠠᠭᠴᠢ ᠵᠦᠸᠧᠽᠢ ᠰᠢᠶᠠᠨ ᠤ ᠳᠣᠲᠣᠷᠠᠬᠢ ᠡᠯ᠎ᠡ ᠲᠣᠮᠣ ᠬᠡᠷ ᠤᠨ ᠴᠠᠬᠢᠯᠭᠠᠨ ᠬᠡᠷᠡᠭᠰᠡᠯ ᠤᠨ ᠠᠵᠤ ᠠᠬᠤᠶᠢᠯᠠᠯ ᠤᠨ ᠳᠡᠯᠭᠡᠭᠦᠷ ᠲᠤ ᠬᠦᠷᠴᠦ᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠤᠬᠠᠭᠤᠯᠭ᠎ᠠ ᠶᠢᠨ ᠵᠠᠷᠯᠠᠯ ᠢᠯᠡ ᠪᠠᠶᠢᠷᠢᠨ ᠳᠤ ᠨᠠᠭᠠᠬᠤ ᠶᠢ ᠤᠯᠵᠤ ᠦᠵᠡᠪᠡ᠂ ᠳᠡᠯᠭᠡᠭᠦᠷ ᠤᠨ ᠳᠣᠲᠣᠷᠠᠬᠢ ᠬᠥᠯᠳᠡᠭᠡᠭᠦᠷ᠂ ᠬᠤᠪᠴᠠᠰᠤ ᠤᠬᠢᠶᠠᠬᠤ ᠮᠠᠰᠢᠨ᠂ ᠰᠢᠲᠠᠮᠠᠬᠠᠶ ᠬᠡᠶ ᠶᠢᠨ ᠵᠤᠤᠬ᠎ᠠ ᠵᠡᠷᠭᠡ ᠡᠯ᠎ᠡ ᠵᠦᠢᠯ ᠤᠨ ᠬᠡᠷ ᠤᠨ ᠴᠠᠬᠢᠯᠭᠠᠨ ᠬᠡᠷᠡᠭᠰᠡᠯ ᠳᠤ ᠴᠥᠮ ᠵᠠᠰᠠᠭ ᠤᠨ ᠣᠷᠳᠣᠨ ᠤ ᠨᠥᠬᠦᠪᠥᠷᠢ ᠶᠢᠨ ᠦᠨ᠎ᠡ ᠬᠠᠩᠰᠢ ᠵᠢᠴᠢ ᠬᠤᠳᠠᠯᠳᠤᠭᠠᠴᠢᠨ ᠤ ᠨᠥᠬᠦᠪᠥᠷᠢ ᠶᠢᠨ ᠠᠵᠢᠯᠯᠠᠭᠠᠨ ᠤ ᠦᠨ᠎ᠡ ᠬᠠᠩᠰᠢ ᠶᠢ ᠢᠯᠡ ᠬᠠᠳᠠᠭᠰᠠᠨ ᠪᠠᠶᠢᠨ᠎ᠠ᠃ ︽ᠤᠯᠤᠰ ᠤᠨ ᠨᠥᠬᠦᠪᠥᠷᠢ + ᠬᠤᠳᠠᠯᠳᠤᠭᠠᠨ ᠤ ᠨᠥᠬᠦᠪᠥᠷᠢ︾ ᠶᠢᠨ ᠳᠠᠪᠬᠤᠴᠠᠭᠰᠠᠨ ᠬᠠᠷᠠᠭᠠᠯᠵᠠᠯ ᠦᠵᠡᠭᠦᠯᠵᠦ ᠬᠡᠷᠡᠭᠯᠡᠭᠴᠢᠳ ᠲᠤ ᠦᠨᠡᠨ ᠪᠣᠳᠠᠲᠠᠢ ᠠᠰᠢᠭ ᠬᠦᠷᠲᠡᠭᠡᠪᠡ᠃    ᠪᠢ ᠣᠶᠤᠨᠴᠢ ᠭᠠᠳᠠᠭᠠᠯᠠᠬᠤ ᠰᠠᠭᠤᠯᠭ᠎ᠠ ᠠᠪᠴᠠᠢ᠂ ᠤᠤᠯ ᠦᠨ᠎ᠡ ᠨᠢ 4800 ᠲᠥᠭᠦᠷᠢᠭ᠂ ᠤᠯᠤᠰ ᠤᠨ ᠨᠦᠬᠦᠪᠦᠷᠢ ᠶᠢᠨ ᠳᠠᠷᠠᠭ᠎ᠠ ᠳᠠᠷᠤᠢ 3800 ᠲᠥᠭᠦᠷᠢᠭ ᠢᠶᠠᠷ ᠭᠠᠷ ᠬᠦᠷᠴᠦ ᠴᠢᠳᠠᠨ᠎ᠠ᠂ ᠲᠣᠩ ᠠᠰᠢᠭᠳᠠᠢ︾ ᠭᠡᠵᠤ ᠵᠦᠸᠧᠽᠢ ᠰᠢᠶᠠᠨ ᠤ ᠵᠦᠸᠧᠽᠢ ᠱᠠᠨ ᠪᠠᠯᠭᠠᠰᠤᠨ ᠤ ᠹᠦ᠋ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠬᠤᠤ ᠬᠤᠸᠠᠨ ᠰᠢᠨ ᠪᠠᠶᠠᠷᠲᠠᠢ ᠪᠠᠷ ᠬᠡᠯᠡᠪᠡ᠃    ᠣᠶᠢᠷ᠎ᠠ ᠶᠢᠨ ᠡᠳᠦᠷ ᠤᠳ ᠲᠤ᠂ ᠬᠡᠷᠡᠭᠯᠡᠭᠡᠨ ᠤ ᠵᠦᠢᠯᠡᠰ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠶᠢᠨ ᠣᠶᠢᠯᠠᠭᠠᠬᠤ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠵᠦᠸᠧᠽᠢ ᠰᠢᠶᠠᠨ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠤᠬᠠᠭᠤᠯᠭ᠎ᠠ ᠶᠢᠨ ᠵᠠᠷᠯᠠᠯ ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠨᠢᠭᠤᠷᠲᠠᠨ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠳᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠳᠤ ᠬᠤᠯᠪᠣᠭᠳᠠᠭᠰᠠᠨ ᠬᠡᠷᠡᠭᠯᠡᠭᠡᠨ ᠤ ᠵᠦᠢᠯ ᠤᠨ ᠲᠥᠷᠥᠯ ᠢᠯᠭᠠᠯ᠂ ᠨᠥᠬᠦᠪᠥᠷᠢ ᠶᠢᠨ ᠪᠠᠷᠢᠮᠵᠢᠶ᠎ᠠ᠂ ᠨᠥᠬᠦᠪᠥᠷᠢ ᠥᠭᠬᠦ ᠠᠷᠭ᠎ᠠ ᠮᠠᠶ᠋ᠢᠭ ᠪᠠ ᠭᠤᠶᠤᠴᠢᠯᠠᠨ ᠠᠪᠬᠤ ᠶᠠᠪᠤᠴᠠ ᠶᠢ ᠨᠠᠷᠢᠨ ᠲᠠᠨᠢᠯᠴᠠᠭᠤᠯᠪᠠ᠃    ᠣᠶᠢᠯᠠᠭᠠᠭᠰᠠᠨ ᠢᠶᠠᠷ᠂ ᠲᠣᠰ ᠤᠳᠠᠭ᠎ᠠ ︽ᠬᠠᠭᠤᠴᠢᠨ ᠢᠶᠠᠷ ᠰᠢᠨ᠎ᠡ ᠶᠢ ᠰᠣᠯᠢᠬᠤ︾ ᠨᠥᠬᠦᠪᠥᠷᠢ ᠭᠥᠷᠳᠡᠭᠰᠡᠨ ᠬᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠤ ᠲᠥᠷᠥᠯ ᠨᠢᠳᠤᠨᠤᠨ ᠤ 8 ᠲᠥᠷᠥᠯ ᠠᠴᠠ 12 ᠲᠥᠷᠥᠯ ᠪᠣᠯᠵᠣ᠂ ᠬᠡᠷᠡᠭᠯᠡᠭᠴᠢᠳ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠪᠠ᠃ ᠠᠵᠢᠯᠯᠠᠭ᠎ᠠ ᠶᠢᠨ ᠬᠤᠭᠤᠴᠠᠭᠠᠨ ᠳᠤ᠂ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠬᠡᠮᠵᠢᠶ᠎ᠡ ᠪᠠ ᠡᠵᠡᠩᠨᠡᠯᠲᠡ ᠶᠢᠨ ᠨᠣᠷᠮ᠎ᠠ ᠨᠢ ᠴᠥᠮ ᠠᠳᠠᠯᠢ ᠪᠤᠰᠤ ᠬᠡᠮᠵᠢᠶ᠎ᠡ ᠪᠠᠷ ᠳᠡᠭᠡᠭᠰᠢᠯᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃    ᠵᠦᠸᠧᠽᠢ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠶᠢᠨ ᠳᠡᠳ᠋ ᠳᠠᠷᠤᠭ᠎ᠠ ᠵᠢᠶᠠ ᠫᠧᠩ ᠵᠢᠤᠢ ᠢᠯᠡᠷᠬᠡᠶᠢᠯᠡᠬᠦ ᠳᠡᠭᠡᠨ᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠠᠶᠢᠯᠤᠮᠵᠢ ᠶᠢ ᠦᠷᠭᠦᠯᠵᠢᠯᠡᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠷᠭᠦᠯᠵᠢᠯᠡᠨ ᠳᠠᠭᠠᠵᠤ᠂ ᠠᠵᠤ ᠠᠬᠤᠶᠢᠯᠠᠯ ᠢ ᠬᠠᠪᠰᠤᠷᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠳᠤ ᠤᠷᠤᠭᠰᠢᠲᠠᠶ ᠣᠷᠣᠯᠴᠠᠭᠤᠯᠵᠤ᠂ ᠬᠡᠷᠡᠭᠴᠡᠭᠡ ᠪᠦᠬᠦᠢ ᠬᠡᠷᠡᠭᠯᠡᠭᠴᠢᠳ ᠲᠤ ᠡᠨᠡᠬᠦ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢᠨ ᠠᠪᠴᠢᠷᠠᠭᠰᠠᠨ ᠪᠣᠳᠠᠲᠤ ᠠᠰᠢᠭ ᠢ ᠦᠨᠡᠨ ᠬᠦ ᠬᠦᠷᠲᠡᠭᠡᠵᠦ᠂ ᠵᠦᠸᠧᠽᠢ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠨ᠎ᠠ ᠭᠡᠵᠡᠶ᠃                    ᠵᠣᠬᠢᠶᠠᠭᠴᠢ᠄  ᠯᠢ ᠤᠣ ᠮᠢᠨ                    ᠤᠷᠴᠢᠭᠤᠯᠤᠭᠴᠢ᠄ ᠬᠦᠰᠡᠯ                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2