5 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠳ᠋ᠠ ᠲᠠᠩ ︵ | ᠥᠪᠥᠷ ᠮᠣᠩᠭᠤᠯ︶ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ | ᠬᠡᠷᠡᠭ ᠮᠡᠳᠡᠭᠴᠢᠳ ᠤᠨ ᠳᠠᠷᠤᠭ᠎ᠠ ᠵᠠᠩ ᠬᠤᠩ ᠲᠠᠢ ᠶᠠᠷᠢᠯᠴᠠᠬᠤ ᠬᠤᠷᠠᠯ ᠬᠤᠷᠠᠯᠳᠤᠭᠤᠯᠪᠠ᠃ | ᠵᠧᠦ ᠺᠠᠢ ᠵᠠᠩ ᠬᠤᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠠᠵᠤ ᠠᠬᠤᠶᠢᠯᠠᠯ ᠤᠨ | ᠤᠷᠳᠤ ᠬᠤᠭᠤᠴᠠᠭᠠᠨ ᠤ ᠲᠤᠷᠰᠢ ᠤᠯᠠᠭᠠᠨᠴᠠᠪ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ | ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠤᠯᠠᠭᠠᠨᠴᠠᠪ ᠶᠠᠭ ᠰᠢᠨ᠎ᠡ | ᠡᠨᠧᠷᠭᠢ ᠶᠢ ᠨᠡᠭᠡᠭᠡᠨ ᠠᠰᠢᠭᠯᠠᠬᠤ ᠶᠢ ᠲᠦᠷᠭᠡᠨ ᠠᠬᠢᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠦᠨ ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠤᠳᠤᠬᠤ ᠬᠦᠴᠦᠨ ᠤ ᠠᠵᠤ | ᠠᠬᠤᠶ ᠶᠢ ᠶᠡᠭᠡ ᠪᠠᠷ ᠬᠥᠭᠵᠢᠭᠦᠯᠵᠦ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠣᠷᠣᠨ ᠵᠠᠶ ᠯᠤᠲᠤ ᠶᠡᠭᠡ ᠪᠠᠶᠢᠨ᠎ᠠ᠃ | ᠠᠵᠤ ᠠᠬᠤᠶᠢᠯᠠᠯ ᠤᠨ ᠬᠢᠨ ᠰᠢᠨ᠎ᠡ ᠡᠨᠧᠷᠭᠢ᠂ ᠲᠣᠮᠣ ᠳ᠋ᠠᠶᠢᠲ᠋ᠠ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠨ ᠤ ᠬᠤᠲᠠ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠲᠡᠬᠦ ᠶᠢ ᠪᠡᠶᠡᠯᠡᠭᠦᠯᠬᠦ ᠶᠢ ᠬᠦᠰᠡᠵᠦ | ᠪᠠᠶᠢᠨ᠎ᠠ᠃ ᠪᠢᠳᠡ ᠥᠩᠭᠡᠷᠡᠭᠰᠡᠨ ᠲᠠᠢ ᠪᠠᠨ ᠠᠳᠠᠯᠢ ᠪᠠᠷ ᠳ᠋ᠠ ᠲᠠᠩ ︵ᠥᠪᠥᠷ ᠮᠣᠩᠭᠤᠯ︶ ᠡᠨᠧᠷᠭᠢ ᠶᠢᠨ ᠨᠡᠭᠡᠭᠡᠨ | ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠤᠯᠠᠭᠠᠨᠴᠠᠪ ᠲᠠᠬᠢ ᠬᠥᠭᠵᠢᠯᠲᠡ ᠶᠢ ᠳᠡᠮᠵᠢᠵᠦ᠂ ᠴᠢᠬᠤᠯᠠ ᠶᠡᠭᠡ | ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠬᠦ ᠲᠠᠢ | ᠤᠶᠠᠯᠳᠤᠭᠤᠯᠤᠨ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ | ᠥᠭᠭᠦᠨ᠎ᠡ ᠭᠡᠵᠦ ᠬᠡᠯᠡᠪᠡ᠃ | ᠵᠠᠩ ᠬᠤᠩ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠷᠳᠤ | ᠬᠤᠭᠤᠴᠠᠭᠠᠨ ᠤ ᠲᠤᠷᠰᠢ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ | ᠢᠯᠡᠳᠬᠡᠬᠦ ᠶᠢᠨ ᠬᠠᠮᠲᠤ ᠤᠯᠠᠭᠠᠨᠴᠠᠪ ᠲᠤ ᠪᠠᠶᠢᠭ᠎ᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ | ᠲᠣᠪᠴᠢ ᠲᠠᠨᠢᠯᠴᠠᠭᠤᠯᠪᠠ᠃ ᠲᠡᠷᠡ᠂ ᠳ᠋ᠠ ᠲᠠᠩ ︵ᠥᠪᠥᠷ ᠮᠣᠩᠭᠤᠯ︶ ᠡᠨᠧᠷᠭᠢ ᠶᠢᠨ ᠨᠡᠭᠡᠭᠡᠨ | ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠠᠭᠤᠳᠠᠯᠵᠤ᠂ ᠰᠢᠨ᠎ᠡ | ᠡᠨᠧᠷᠭᠢ᠂ ᠲᠤᠮᠤ ᠳ᠋ᠠᠶᠢᠲ᠋ᠠ ᠵᠡᠷᠭᠡ ᠬᠦᠷᠢᠶᠡᠨ ᠤ ᠲᠣᠭᠤᠷᠢᠨ ᠳᠤ ᠬᠠᠮᠲᠤᠷᠠᠯᠴᠠᠭ᠎ᠠ ᠪᠠᠨ ᠦᠷᠭᠦᠯᠵᠢᠯᠡᠨ | ᠭᠦᠨᠵᠡᠭᠡᠶᠢᠷᠡᠭᠦᠯᠵᠦ᠂ ᠤᠯᠠᠭᠠᠨᠴᠠᠪ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ | ᠦᠵᠡᠭᠦᠯᠦᠨ᠎ᠡ ᠭᠡᠵᠦ ᠬᠡᠯᠡᠪᠡ᠃ | ᠤᠣ ᠮᠠᠨ ᠪᠢᠨ᠂ ᠹᠠᠩ ᠽᠧ ᠣᠷᠣᠯᠴᠠᠵᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |