| | ᠣᠶᠢᠷ᠎ᠠ ᠳᠤ᠂ ᠠᠷᠪᠠᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠴᠡᠭᠡᠵᠢ ᠡᠪᠡᠳᠬᠦ ᠲᠥᠪ ᠤᠨ | ᠶᠡᠭᠡ ᠬᠤᠷᠠᠯ ᠵᠢᠶᠠᠩᠰᠦ ᠮᠤᠵᠢ ᠶᠢᠨ ᠰᠦᠵᠧᠦ ᠬᠤᠲᠠ ᠳᠤ ᠬᠤᠷᠠᠯᠳᠤᠪᠠ᠃ ᠬᠤᠷᠠᠯ ᠳᠡᠭᠡᠷ᠎ᠡ ᠰᠢᠶᠠᠨ ᠤ | ᠬᠡᠪᠴᠢᠶᠡᠨ ᠤ ᠴᠡᠭᠡᠵᠢ ᠡᠪᠡᠳᠬᠦ ᠬᠤᠯᠪᠣᠭᠠᠨ ᠤ ᠫᠠᠶᠢᠰᠠ ᠣᠯᠭᠤᠬᠤ ᠶᠣᠰᠣᠯᠠᠯ ᠶᠠᠪᠤᠭᠤᠯᠵᠤ᠂ ᠬᠤᠸᠠᠳᠧ ᠰᠢᠶᠠᠨ ᠤ | ᠠᠷᠠᠳ ᠤᠨ ᠡᠮᠨᠡᠯᠭᠡ ᠶᠢᠨ ᠬᠤᠷᠢᠶ᠎ᠠ ᠠᠴᠠ ᠪᠠᠶᠢᠭᠤᠯᠤᠭᠰᠠᠨ ᠬᠤᠸᠠᠳᠧ ᠰᠢᠶᠠᠨ ᠤ ᠴᠡᠭᠡᠵᠢ ᠡᠪᠡᠳᠬᠦ ᠲᠥᠪ ᠤᠨ | ᠬᠤᠯᠪᠣᠭ᠎ᠠ ᠳᠤ ᠵᠢᠩᠬᠢᠨᠢ ᠪᠠᠷ ᠫᠠᠶᠢᠰᠠ ᠣᠯᠭᠤᠪᠠ᠃ | ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠴᠡᠭᠡᠵᠢ ᠡᠪᠡᠳᠬᠦ ᠲᠥᠪ 2019 ᠣᠨ ᠳᠤ | ᠪᠠᠶᠢᠭᠤᠯᠤᠭᠳᠠᠵᠤ᠂ 2023 ᠣᠨ ᠳᠤ ᠤᠯᠤᠰ ᠤᠨ ᠲᠡᠰ ᠤᠨ ᠦᠨᠳᠦᠰᠦᠨ ᠱᠠᠲᠤᠨ ᠤ ᠬᠡᠪᠯᠡᠯ ᠤᠨ ᠴᠡᠭᠡᠵᠢ | ᠡᠪᠡᠳᠬᠦ ᠲᠥᠪ ᠤᠨ ᠭᠡᠷᠡᠴᠢᠯᠡᠭᠡ ᠪᠠᠷ ᠳᠠᠮᠵᠢᠨ᠂ ᠴᠡᠭᠡᠵᠢᠨ ᠡᠪᠡᠳᠴᠢᠲᠡᠨ ᠨᠡᠶᠢᠲᠡ 600 ᠭᠠᠷᠤᠶ ᠬᠥᠮᠦᠨ᠂ | ᠲᠦᠷᠭᠡᠨ ᠴᠢᠨᠠᠷᠲᠠᠶ ᠵᠢᠷᠦᠬᠡᠨ ᠪᠤᠯᠴᠢᠩ ᠤᠨ ᠡᠪᠡᠳᠴᠦ ᠪᠠᠶᠢᠭ᠎ᠠ 200 ᠭᠠᠷᠤᠶ ᠡᠪᠡᠳᠴᠢᠲᠡᠨ ᠢ ᠠᠪᠤᠷᠠᠨ ᠵᠠᠰᠠᠪᠠ᠃ | ᠤᠳᠤᠬᠠᠨ ᠳᠤ᠂ ᠴᠡᠭᠡᠵᠢ ᠡᠪᠡᠳᠬᠦ ᠲᠥᠪ ᠲᠤ ᠵᠢᠷᠦᠬᠡᠨ ᠤ ᠲᠦᠭᠵᠢᠷᠡᠯ ᠤᠨ ᠬᠠᠶᠢᠯᠤᠭᠤᠯᠬᠤ᠂ ᠲᠤᠯᠤᠭᠠᠰᠤ ᠲᠠᠲᠠᠬᠤ | ᠪᠠ ᠴᠢᠰᠤᠨ ᠤ ᠪᠦᠯᠦᠩᠨᠡᠯ ᠢ ᠰᠣᠷᠣᠬᠤ ᠵᠡᠷᠭᠡ ᠲᠦᠷᠭᠡᠨ ᠲᠧᠭᠨᠣᠯᠣᠭᠢ ᠶᠢ ᠬᠡᠷᠡᠭᠵᠢᠭᠦᠯᠵᠦ ᠴᠢᠳᠠᠬᠤ ᠶᠤᠮ᠃ | ᠴᠡᠭᠡᠵᠢ ᠡᠪᠡᠳᠬᠦ ᠲᠥᠪ ᠬᠤᠯᠪᠣᠭ᠎ᠠ ᠪᠠᠶᠢᠭᠤᠯᠤᠭᠳᠠᠭᠰᠠᠨ ᠨᠢ ᠬᠤᠸᠠᠳᠧ ᠰᠢᠶᠠᠨ ᠤ ᠲᠦᠷᠭᠡᠨ ᠴᠢᠨᠠᠷᠲᠠᠢ | ᠴᠡᠭᠡᠵᠢ ᠡᠪᠡᠳᠬᠦ ᠶᠢ ᠡᠮᠨᠡᠨ ᠵᠠᠰᠠᠬᠤ ᠴᠢᠬᠤᠯᠠ ᠪᠡᠯᠭᠡ ᠲᠡᠮᠳᠡᠭ ᠪᠣᠯᠣᠨ᠎ᠠ᠃ ᠡᠨᠡ ᠬᠦ ᠠᠷᠭ᠎ᠠ ᠬᠡᠮᠵᠢᠶ᠎ᠡ ᠨᠢ ᠰᠢᠶᠠᠨ ᠤ | ᠬᠡᠪᠴᠢᠶᠡᠨ ᠤ ᠴᠡᠭᠡᠵᠢ ᠡᠪᠡᠳᠬᠦ ᠶᠢ ᠠᠪᠤᠷᠠᠨ ᠵᠠᠰᠠᠬᠤ ᠠᠵᠢᠯ ᠶᠠᠭ ᠵᠣᠬᠢᠴᠠᠩᠭᠤᠶ᠂ ᠵᠢᠷᠤᠮᠵᠢᠭᠰᠠᠨ᠂ | ᠪᠠᠷᠢᠮᠵᠢᠶᠠᠵᠢᠭᠰᠠᠨ ᠴᠢᠭᠯᠡᠯ ᠲᠡᠰᠢ ᠤᠷᠤᠭᠰᠢᠯᠠᠵᠤ ᠪᠠᠶᠢᠭ᠎ᠠ ᠶᠢ ᠬᠠᠷᠠᠭᠤᠯᠵᠤ ᠪᠠᠶᠢᠨ᠎ᠠ᠃ ᠡᠮᠴᠢᠯᠡᠭᠡᠨ ᠤ ᠬᠠᠮᠲᠤ ᠶᠢᠨ | ᠴᠣᠭᠴᠠ ᠳᠤ ᠲᠦᠰᠢᠭᠯᠡᠨ᠂ ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠣᠷᠣᠨ ᠪᠦᠰᠡ ᠶᠢᠨ | ᠳᠣᠲᠣᠷᠠᠬᠢ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠥᠨᠳᠥᠷ ᠪᠦᠲᠦᠮᠵᠢᠲᠡᠶ | ᠬᠤᠯᠪᠣᠭᠠᠯᠠᠨ ᠬᠥᠳᠡᠯᠦᠯᠴᠡᠭᠰᠡᠨ ᠲᠦᠷᠭᠡᠨ ᠠᠪᠤᠷᠠᠯᠲᠠ ᠶᠢᠨ ᠲᠣᠤᠷ ᠰᠦᠯᠵᠢᠶ᠎ᠡ ᠶᠢ ᠪᠠᠶᠢᠭᠤᠯᠵᠤ᠂ ᠡᠪᠡᠳᠴᠢᠲᠡᠨ ᠢ | ᠲᠦᠷᠭᠡᠨ ᠰᠢᠯᠵᠢᠭᠦᠯᠦᠨ ᠲᠡᠭᠡᠭᠡᠪᠦᠷᠢᠯᠡᠬᠦ᠂ ᠣᠯᠠᠨ ᠰᠢᠨᠵᠢᠯᠡᠭᠡᠨ ᠤ ᠰᠠᠯᠠᠭ᠎ᠠ ᠬᠠᠮᠲᠤᠷᠠᠨ ᠣᠨᠣᠰᠢᠯᠠᠨ ᠡᠮᠨᠡᠬᠦ᠂ | ᠬᠥᠳᠡᠭᠡ ᠲᠣᠰᠬᠤᠨ ᠢ ᠨᠢᠭᠡ ᠴᠤᠭᠴᠠᠵᠢᠭᠤᠯᠬᠤ ᠶᠢ ᠪᠡᠶᠡᠯᠡᠭᠦᠯᠵᠦ᠂ ᠡᠭᠦᠨ ᠤ ᠤᠯᠠᠮ ᠢᠶᠠᠷ ᠴᠡᠭᠡᠵᠢ ᠡᠪᠡᠳᠬᠦ | ᠡᠪᠡᠳᠴᠢᠲᠡᠨ ᠢ ᠠᠪᠤᠷᠠᠨ ᠵᠠᠰᠠᠬᠤ ᠴᠠᠭ ᠢ ᠤᠯᠠᠮ ᠨᠢᠭᠡ ᠠᠯᠬᠤᠮ ᠪᠣᠭᠤᠨᠢᠰᠬᠠᠬᠤ ᠪᠣᠯᠤᠨ᠎ᠠ᠃ ᠡᠭᠦᠨ ᠤ ᠬᠠᠮᠲᠤ᠂ | ᠬᠤᠯᠪᠣᠭᠠᠨ ᠤ ᠳᠣᠲᠣᠭᠠᠳᠤ ᠶᠢᠨ ᠲᠤᠷᠰᠢᠯᠭ᠎ᠠ ᠪᠠᠨ ᠬᠤᠪᠢᠶᠠᠯᠴᠠᠬᠤ᠂ ᠮᠡᠷᠭᠡᠵᠢᠯ ᠤᠨ ᠰᠣᠯᠢᠯᠴᠠᠭ᠎ᠠ ᠬᠢᠬᠦ ᠪᠠ ᠡᠬᠢ | ᠪᠠᠶᠠᠯᠢᠭ ᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ ᠣᠷᠣᠨ ᠪᠦᠰᠡ ᠶᠢᠨ ᠡᠮᠴᠢᠯᠡᠭᠡᠨ ᠤ ᠬᠢᠷᠢ ᠲᠦᠪᠰᠢᠨ ᠤ | ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ | ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠬᠤᠯᠪᠣᠭᠠᠨ ᠤ ᠨᠡᠶᠢᠯᠡᠮᠡᠯ ᠬᠦᠴᠦᠨ ᠢ | ᠨᠢᠭᠲᠠᠷᠠᠭᠤᠯᠵᠤ᠂ ᠰᠢᠶᠠᠨ ᠤ ᠬᠡᠪᠴᠢᠶᠡᠨ ᠤ ᠴᠡᠭᠡᠵᠢ ᠡᠪᠡᠳᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ | ᠥᠨᠳᠥᠷ ᠲᠤ ᠣᠷᠣᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠨᠠᠩ ᠥᠨᠳᠥᠷ ᠵᠣᠭᠰᠣᠴᠠ᠂ ᠨᠠᠩ ᠪᠣᠳᠠᠲᠠᠶ | ᠠᠷᠭ᠎ᠠ ᠬᠡᠮᠵᠢᠶ᠎ᠡ ᠪᠠᠷ ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠬᠠᠮᠵᠢᠯᠴᠠᠨ ᠠᠪᠤᠷᠠᠨ ᠵᠠᠰᠠᠬᠤ | ᠲᠣᠭᠲᠠᠴᠠ ᠶᠢ ᠪᠦᠷᠢᠨᠰᠢᠬᠦᠯᠵᠦ᠂ ᠴᠡᠭᠡᠵᠢ ᠡᠪᠡᠳᠬᠦ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠰᠢᠰᠲ᠋ᠧᠮ ᠢ | ᠦᠷᠭᠦᠯᠵᠢᠯᠡᠨ ᠲᠡᠭᠦᠯᠳᠡᠷᠵᠢᠭᠦᠯᠵᠦ᠂ ᠪᠠᠴᠢᠮ ᠲᠦᠭᠰᠢᠭᠦᠷᠢᠲᠡᠶ ᠬᠦᠨᠳᠦ ᠡᠪᠡᠳᠴᠢᠲᠡᠨ ᠢ ᠠᠪᠤᠷᠠᠨ ᠵᠠᠰᠠᠬᠤ | ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠤᠸᠠᠳᠧ ᠰᠢᠶᠠᠨ ᠤ ᠬᠡᠪᠴᠢᠶᠡᠨ ᠤ ᠣᠯᠠᠨ ᠲᠦᠮᠡᠨ ᠤ | ᠠᠮᠢ ᠨᠠᠰᠤ ᠡᠷᠡᠭᠦᠯ ᠮᠡᠨᠳᠦ ᠶᠢ ᠪᠠᠲᠤᠯᠠᠬᠤ᠂ ᠣᠷᠣᠨ ᠪᠦᠰᠡ ᠶᠢᠨ ᠡᠮᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠶ᠃ | ᠵᠣᠬᠢᠶᠠᠭᠴᠢ᠄ ᠰᠦᠨ ᠭᠦᠸᠧ ᠵᠢᠶᠦ᠋ᠨ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |