5 ᠰᠠᠷ᠎ᠠ ᠶᠢᠨ 28 ᠤ ᠡᠳᠦᠷ᠂ ᠬᠤᠲᠠ ᠶᠢᠨ ᠳᠡᠳ᠋ ᠳᠠᠷᠤᠭ᠎ᠠ ᠢᠦᠶ ᠬᠠᠶ ᠴᠧᠩ ᠲᠤᠰᠬᠠᠶ ᠰᠡᠳᠦᠪᠲᠦ ᠬᠤᠷᠠᠯ | ᠬᠤᠷᠠᠯᠳᠤᠭᠤᠯᠵᠤ᠂ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠠᠴᠠ ᠡᠮᠦᠨᠡᠬᠢ ᠴᠠᠬᠢᠯᠭᠠᠨ ᠬᠠᠩᠭᠠᠬᠤ᠂ ᠴᠢᠮᠡᠭᠡ | ᠬᠤᠯᠪᠣᠭᠠᠨ ᠤ ᠪᠠᠲᠤᠯᠠᠭ᠎ᠠ ᠵᠡᠷᠭᠡ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠢᠦᠶ ᠬᠠᠶ ᠴᠧᠩ᠂ ᠡᠯ᠎ᠡ ᠬᠠᠮᠢᠶ᠎ᠠ ᠪᠥᠬᠦᠶ ᠨᠢᠭᠡᠴᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠠᠲᠤᠯᠠᠭ᠎ᠠ ᠶᠢ ᠣᠳᠣᠬᠠᠨ ᠤ | ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠪᠣᠳᠠᠲᠠᠶ ᠪᠥᠭᠡᠳ ᠨᠠᠷᠢᠯᠢᠭ ᠠᠳᠬᠤᠬᠤ ᠶᠢᠨ ᠬᠠᠮᠲᠤ᠂ ᠬᠤᠰᠢᠭᠤ | ᠰᠢᠶᠠᠨ ᠬᠤᠲᠠ ᠲᠣᠭᠤᠷᠢᠭ ᠤᠨ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠴᠠᠬᠢᠯᠭᠠᠨ ᠬᠠᠩᠭᠠᠬᠤ᠂ | ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠴᠠᠬᠢᠯᠭᠠᠨ ᠬᠠᠩᠭᠠᠬᠤ ᠺᠣᠮᠫᠠᠨᠢ | ᠳᠠᠷᠤᠶ ᠲᠦᠷᠭᠡᠨ ᠪᠥᠬᠦ ᠬᠤᠲᠠ ᠶᠢᠨ ᠰᠢᠯᠭᠠᠯᠲᠠ ᠶᠢᠨ ᠴᠡᠭ ᠤᠨ ᠱᠤᠭᠤᠮ ᠢ ᠪᠥᠬᠦ ᠲᠠᠯ᠎ᠠ ᠪᠠᠷ ᠪᠠᠶᠢᠴᠠᠭᠠᠨ ᠵᠠᠰᠠᠵᠤ᠂ | ᠳᠠᠯᠳᠠ ᠬᠡᠮ ᠢ ᠲᠦᠢᠯᠪᠤᠷᠢᠲᠠᠶ ᠵᠢᠭᠰᠠᠭᠠᠨ ᠪᠠᠶᠢᠴᠠᠭᠠᠬᠤ ᠬᠡᠷᠡᠭᠲᠡᠶ︔ ᠰᠢᠯᠭᠠᠯᠲᠠ ᠶᠢᠨ ᠬᠤᠭᠤᠴᠠᠭᠠᠨ ᠳᠤ ᠴᠠᠬᠢᠯᠭᠠᠨ | ᠬᠦᠴᠦᠨ ᠤ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ | ᠴᠠᠬᠢᠯᠭᠠᠨ ᠬᠠᠩᠭᠠᠬᠤ ᠳᠤ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠰᠢᠯᠵᠢᠮᠡᠯ ᠬᠤᠯᠪᠣᠭ᠎ᠠ᠂ ᠨᠢᠭᠡᠳᠦᠮᠡᠯ ᠬᠤᠯᠪᠣᠭ᠎ᠠ᠂ ᠴᠠᠬᠢᠯᠭᠠᠨ ᠬᠤᠯᠪᠣᠭ᠎ᠠ ᠵᠡᠷᠭᠡ ᠭᠤᠷᠪᠠᠨ ᠲᠣᠮᠣ ᠡᠵᠡᠩᠨᠡᠯᠲᠡ ᠶᠢᠨ | ᠬᠤᠳᠠᠯᠳᠤᠭᠠᠴᠢᠨ ᠵᠢᠴᠢ ᠬᠠᠮᠢᠶ᠎ᠠ ᠪᠥᠬᠦᠶ ᠨᠢᠭᠡᠴᠢ ᠨᠦᠭᠦᠳ ᠰᠢᠯᠭᠠᠯᠲᠠ ᠶᠢᠨ ᠶᠠᠪᠤᠳᠠᠯ ᠤᠨ ᠲᠤᠰᠬᠠᠶ ᠱᠤᠭᠤᠮ ᠤᠨ | ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠵᠤ᠂ ᠪᠥᠬᠦ ᠬᠤᠲᠠ ᠶᠢᠨ ᠡᠯ᠎ᠡ ᠰᠢᠯᠭᠠᠯᠲᠠ ᠶᠢᠨ ᠴᠡᠭ ᠤᠨ ᠡᠷᠬᠢᠨ | ᠲᠣᠭᠤᠷᠢᠨ ᠤ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠳᠤ ᠭᠤᠤᠯᠳᠠᠯᠭ᠎ᠠ ᠲᠠᠢ ᠬᠢᠨᠠᠨ ᠬᠡᠮᠵᠢᠵᠦ ᠵᠢᠭᠰᠠᠭᠠᠨ | ᠪᠠᠶᠢᠴᠠᠭᠠᠵᠤ᠂ ᠰᠦᠯᠵᠢᠶ᠎ᠡ ᠪᠠᠷ ᠬᠡᠮ ᠬᠢᠬᠦ ᠠᠷᠭ᠎ᠠ ᠵᠠᠮ ᠢ ᠡᠷᠡᠰ ᠲᠠᠰᠤᠯᠬᠤ ᠬᠡᠷᠡᠭᠲᠡᠶ᠃ ᠢᠯᠠᠩᠭᠤᠶ᠎ᠠ ᠬᠠᠲᠠᠭᠤ | ᠰᠢᠷᠦᠭᠦᠨ ᠴᠠᠭ ᠠᠭᠤᠷ ᠢ ᠠᠷᠭᠠᠴᠠᠬᠤ ᠵᠢᠴᠢ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠪᠠᠷᠢᠯᠭ᠎ᠠ ᠶᠢᠨ | ᠠᠵᠢᠯ ᠤᠨ ᠠᠶᠤᠯ ᠲᠦᠭᠰᠢᠭᠦᠷᠢ ᠶᠢ ᠠᠩᠬᠠᠷᠴᠤ᠂ ᠡᠯ᠎ᠡ ᠭᠤᠭᠴᠤᠭ᠎ᠠ ᠶᠢ ᠵᠠᠪᠰᠠᠷ ᠥᠬᠡᠶ ᠵᠣᠯᠭᠠᠭᠤᠯᠬᠤ᠂ | ᠬᠠᠷᠢᠴᠠᠯᠠᠰᠢᠭᠦᠶ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠬᠠᠮᠤᠭ ᠤᠨ ᠥᠨᠳᠥᠷ ᠪᠠᠷᠢᠮᠵᠢᠶ᠎ᠠ᠂ | ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ | ᠰᠢᠯᠭᠠᠯᠲᠠ ᠶᠢᠨ ᠠᠮᠤᠷ ᠲᠦᠪᠰᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |