| | ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ︽ᠭᠤᠷᠪᠠ ᠶᠢ ᠪᠠᠲᠤᠯᠠᠬᠤ︾ ᠶᠢ ᠢᠮᠠᠭᠲᠠ ᠴᠢᠬᠤᠯᠠ ᠤᠯᠤᠰ | ᠲᠦᠷᠦ ᠶᠢᠨ ᠡᠭᠦᠷᠭᠡ ᠪᠣᠯᠭᠠᠨ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠥᠮᠥᠷᠭᠡ ᠶᠢᠨ | ᠲᠤᠬᠢᠷᠠᠭᠤᠯᠤᠯᠳᠠ ᠶᠢ ᠴᠢᠩᠭᠠᠳᠬᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠦᠬᠦ | ᠬᠦᠴᠦᠨ ᠢᠶᠠᠷ ᠢᠶᠠᠨ ᠪᠠᠲᠤᠯᠠᠪᠠ᠃ | ᠨᠢᠭᠡ ᠳᠤ᠂ ᠭᠤᠷᠪᠠ ᠶᠢ ᠪᠠᠲᠤᠯᠠᠬᠤ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠲᠥᠰᠦᠭᠡᠯᠡᠨ | ᠪᠤᠳᠤᠵᠤ᠂ ︽ᠭᠤᠷᠪᠠ ᠶᠢ ᠪᠠᠲᠤᠯᠠᠬᠤ︾ ᠵᠠᠷᠤᠯᠭ᠎ᠠ ᠶᠢᠨ ᠪᠠᠯᠠ ᠮᠥᠩᠭᠦ ᠶᠢᠨ ᠢᠷᠡᠯᠲᠡ ᠶᠢ ᠪᠠᠲᠤᠯᠠᠪᠠ᠃ ︽ | ᠭᠤᠷᠪᠠ ᠶᠢ ᠪᠠᠲᠤᠯᠠᠬᠤ︾ ᠲᠥᠰᠦᠪ ᠢ ᠪᠣᠳᠠᠲᠠᠶ ᠪᠥᠭᠡᠳ ᠪᠠᠲᠤ ᠬᠢᠭᠰᠡᠨ ᠰᠠᠭᠤᠷᠢᠨ ᠳᠡᠭᠡᠷ᠎ᠡ᠂ ︽ᠬᠤᠷᠢᠭ᠎ᠠ | ᠱᠤᠭᠤᠮ ᠢ ᠪᠠᠲᠤ ᠰᠠᠬᠢᠵᠤ᠂ ᠭᠤᠤᠯᠳᠠᠯᠭ᠎ᠠ ᠶᠢ ᠳᠣᠪᠤᠶᠢᠯᠭᠠᠬᠤ︾ ᠠᠵᠢᠯ ᠤᠨ ᠰᠡᠳᠬᠢᠮᠵᠢ ᠶᠣᠰᠣᠭᠠᠷ᠂ | ᠬᠥᠮᠥᠷᠭᠡ ᠶᠢᠨ ᠵᠣᠭᠤᠰ ᠢ ᠤᠷᠢᠳᠠᠪᠠᠷ ᠪᠠᠲᠤᠯᠠᠬᠤ ᠳᠡᠰ ᠳᠠᠷᠠᠭᠠᠯᠠᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ | ᠲᠥᠰᠦᠪ ᠤᠨ ᠲᠣᠬᠢᠷᠠᠭᠤᠯᠤᠯᠲᠠ᠂ ᠬᠥᠮᠥᠷᠭᠡ ᠶᠢᠨ ᠵᠣᠭᠤᠰ ᠤᠨ ᠦᠯᠡᠳᠡᠪᠦᠷᠢ ᠵᠡᠷᠭᠡ ᠪᠠᠶᠢᠳᠠᠯ ᠲᠠᠢ ᠤᠶᠠᠯᠳᠤᠭᠤᠯᠤᠨ | ᠬᠦᠨᠳᠦ ᠬᠥᠩᠭᠡᠨ ᠠᠯᠭᠤᠷ ᠪᠠᠴᠢᠮ ᠰᠠᠯᠭᠠᠨ ᠥᠭᠬᠦ ᠪᠡᠯᠡ ᠮᠥᠩᠭᠦ ᠶᠢ ᠢᠯᠭᠠᠵᠤ᠂ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠪᠠ ᠴᠢᠬᠤᠯᠠ ᠴᠠᠭ ᠤᠨ ᠬᠥᠮᠥᠷᠭᠡ ᠶᠢᠨ ᠬᠡᠷᠡᠭᠴᠡᠭᠡ ᠶᠢ ᠪᠠᠲᠤᠯᠠᠨ᠎ᠠ᠃ ᠲᠥᠰᠦᠪ ᠤᠨ ᠬᠠᠮᠢᠶᠠᠷᠤᠯᠲᠠ ᠶᠢ | ᠨᠢᠭᠡ ᠴᠣᠭᠴᠠᠵᠢᠭᠤᠯᠤᠭᠰᠠᠨ ᠰᠢᠰᠲ᠋ᠧᠮ ᠳᠤ ᠲᠦᠰᠢᠭᠯᠡᠨ᠂ ︽ᠭᠤᠷᠪᠠ ᠶᠢ ᠪᠠᠲᠤᠯᠠᠬᠤ︾ ᠵᠠᠷᠤᠯᠭ᠎ᠠ ᠶᠢᠨ ᠬᠡᠷᠡᠭᠴᠡᠭᠡ | ᠱᠠᠭᠠᠷᠳᠠᠯᠭ᠎ᠠ ᠶᠢ ᠬᠥᠳᠡᠯᠦᠩᠭᠦᠶ ᠪᠠᠷ ᠡᠵᠡᠮᠰᠢᠵᠦ᠂ ᠲᠤᠰ ᠪᠡᠶ᠎ᠡ ᠶᠢᠨ ᠡᠳ᠋ ᠤᠨ ᠬᠦᠴᠦᠨ ᠤ ᠡᠭᠦᠷᠭᠡᠯᠡᠪᠡᠰᠦ ᠵᠣᠬᠢᠬᠤ | ︽ᠭᠤᠷᠪᠠ ᠶᠢ ᠪᠠᠲᠤᠯᠠᠬᠤ︾ ᠪᠡᠯᠡ ᠮᠥᠩᠭᠦ ᠶᠢ ᠲᠤᠰᠬᠠᠶ ᠡᠷᠦᠬᠡ ᠳᠤ ᠴᠠᠭ ᠲᠤᠬᠠᠶ ᠳᠤᠨᠢ ᠰᠢᠯᠵᠢᠭᠦᠯᠦᠨ | ᠣᠷᠣᠭᠤᠯᠵᠤ᠂ ᠢᠯᠠᠩᠭᠤᠶ᠎ᠠ ᠴᠠᠯᠢᠩ ᠣᠯᠭᠤᠬᠤ ᠵᠡᠷᠭᠡ ᠴᠢᠬᠤᠯᠠ ᠴᠠᠭ ᠤᠨ ᠬᠥᠮᠥᠷᠭᠡ ᠶᠢᠨ ᠵᠣᠭᠤᠰ ᠢ | ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠡᠳ᠋ ᠤᠨ ᠵᠠᠰᠠᠭ ᠤᠨ ᠬᠥᠮᠥᠷᠭᠡ ᠶᠢᠨ ᠵᠣᠭᠤᠰ ᠢ ᠪᠠᠲᠤᠯᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠶᠠᠷ ᠲᠤ ᠵᠠᠷᠤᠯᠭ᠎ᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ︽ᠭᠤᠷᠪᠠ ᠶᠢ ᠪᠠᠲᠤᠯᠠᠬᠤ︾ | ᠵᠠᠷᠤᠯᠭ᠎ᠠ ᠶᠢᠨ ᠤᠷᠢᠳᠠᠪᠠᠷ ᠳᠡᠰ ᠳᠠᠷᠠᠭᠠᠯᠠᠯ ᠢ ᠳᠣᠪᠤᠶᠢᠯᠭᠠᠨ᠎ᠠ᠃ ᠡᠯ᠎ᠡ ᠱᠠᠲᠤᠨ ᠤ ︽ᠠᠷᠪᠢᠯᠠᠨ ᠭᠠᠮᠨᠠᠬᠤ︾ ᠦᠵᠡᠯ | ᠰᠠᠨᠠᠭ᠎ᠠ ᠶᠢ ᠴᠢᠩᠭ᠎ᠠ ᠪᠤᠢ ᠪᠣᠯᠭᠠᠵᠤ᠂ ᠵᠠᠷᠤᠯᠭ᠎ᠠ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠡᠩ ᠤᠨ | ᠴᠢᠨᠠᠷᠲᠠᠢ ᠵᠠᠷᠤᠯᠭ᠎ᠠ ᠶᠢ ᠴᠢᠩᠭ᠎ᠠ ᠡᠵᠡᠮᠳᠡᠵᠦ᠂ ᠪᠠᠴᠢᠮ ᠬᠡᠷᠡᠭᠰᠡᠬᠦ ᠪᠤᠰᠤ᠂ ᠵᠠᠶᠢᠯᠠᠰᠢ ᠦᠭᠡᠢ ᠪᠤᠰᠤ ᠵᠠᠷᠤᠯᠭ᠎ᠠ ᠶᠢ | ᠦᠷᠭᠦᠯᠵᠢᠯᠡᠨ ᠪᠠᠭᠠᠰᠬᠠᠵᠤ᠂ ︽ᠭᠤᠷᠪᠠ ᠶᠢ ᠪᠠᠲᠤᠯᠠᠬᠤ︾ ᠵᠠᠷᠤᠯᠭ᠎ᠠ ᠶᠢᠨ ᠡᠳ᠋ ᠤᠨ ᠵᠠᠰᠠᠭ ᠤᠨ ᠵᠠᠷᠤᠯᠭ᠎ᠠ ᠳᠠᠬᠢ | ᠳᠡᠷᠢᠬᠦᠨ ᠳᠤ ᠪᠠᠶᠢᠬᠤ ᠳᠡᠰ ᠳᠠᠷᠠᠭᠠᠯᠠᠯ ᠢ ᠢᠮᠠᠭᠲᠠ ᠪᠠᠷᠢᠮᠲᠠᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠪᠠᠲᠤᠯᠠᠭ᠎ᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |