4 ᠰᠠᠷ᠎ᠠ ᠶᠢᠨ 28 ᠤ ᠡᠳᠦᠷ ᠠᠴᠠ 30 ᠤ ᠡᠳᠦᠷ ᠪᠣᠯᠲᠠᠯ᠎ᠠ᠂ ᠨᠠᠢᠮᠠᠳᠤᠭᠠᠷ ᠬᠤᠭᠤᠴᠠᠭᠠᠨ ᠤ | ᠲᠣᠭᠠᠴᠢᠯᠠᠭᠰᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠤᠨ | ᠬᠤᠭᠤᠴᠠᠭᠠᠨ ᠳᠤ ᠬᠤᠲᠠ ᠶᠢᠨ ᠳᠡᠳ᠋ ᠳᠠᠷᠤᠭ᠎ᠠ ᠴᠠᠢ ᠶᠤᠸᠠᠢ ᠪᠦᠯᠬᠦᠮ ᠳᠠᠭᠠᠭᠤᠯᠤᠨ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠠᠵᠢᠯᠯᠠᠭ᠎ᠠ ᠥᠷᠨᠢᠭᠦᠯᠪᠡ᠃ | ᠡᠨᠡ ᠬᠤᠭᠤᠴᠠᠭᠠᠨ ᠳᠤ᠂ ᠲᠥᠯᠥᠭᠡᠯᠡᠭᠴᠢᠳ ᠤᠨ ᠪᠦᠯᠬᠦᠮ ᠲᠦᠩ ᠲᠠᠢ ᠢ ᠮᠡᠳᠡᠭᠡ ᠵᠠᠩᠭᠢ ᠶᠢᠨ | ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠢᠩ ᠶᠦᠨ ᠡᠯᠧᠺᠲᠷᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ | ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠦᠢᠯᠡᠴᠢᠯᠡᠭᠦᠷ ᠦᠢᠯᠡᠳᠬᠦ᠂ | ᠺᠣᠮᠫᠢᠦ᠋ᠲ᠋ᠧᠷ ᠤᠨ ᠦᠵᠦᠭᠦᠷ ᠤᠨ ᠦᠢᠯᠡᠳᠬᠦᠨ᠂ ᠯᠢᠲ᠋ᠢ ᠴᠠᠬᠢᠯᠭᠠᠨ ᠴᠡᠨᠡᠭ ᠤᠨ ᠲᠥᠬᠦᠭᠡᠷᠦᠮᠵᠢ᠂ ᠡᠨᠧᠷᠭᠢ | ᠬᠠᠳᠠᠭᠠᠯᠠᠬᠤ ᠮᠡᠷᠭᠡᠵᠢᠯ ᠵᠡᠷᠭᠡ ᠬᠦᠷᠢᠶᠡᠨ ᠤ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠴᠠᠢ ᠶᠤᠸᠠᠢ | ᠤᠯᠠᠭᠠᠨᠴᠠᠪ ᠬᠤᠲᠠ ᠶᠢᠨ ᠪᠤᠳᠤᠯᠲᠠ ᠶᠢᠨ ᠬᠦᠴᠦᠨ ᠤ ᠠᠵᠤ ᠦᠢᠯᠡᠰ ᠤᠨ ᠣᠷᠣᠨ ᠪᠠᠶᠢᠷᠢ ᠶᠢᠨ ᠳᠠᠪᠠᠭᠤᠯᠢᠭ᠂ | ᠪᠣᠬᠢᠷᠲᠤᠯ ᠥᠬᠡᠶ ᠴᠠᠬᠢᠯᠭᠠᠨ ᠤ ᠡᠬᠢ ᠪᠠᠶᠠᠯᠢᠭ ᠵᠡᠷᠭᠡ ᠶᠢᠨ ᠲᠣᠭᠤᠷᠢᠨ ᠳᠤ ᠠᠵᠤ ᠠᠬᠤᠶᠢᠯᠠᠯ ᠳᠤ ᠲᠠᠨᠢᠯᠴᠠᠭᠤᠯᠭ᠎ᠠ | ᠬᠢᠪᠠ᠃ | ᠴᠠᠢ ᠶᠤᠸᠠᠢ᠂ ᠤᠯᠠᠭᠠᠨᠴᠠᠪ ᠤᠷᠢᠳᠠᠪᠠᠷ ᠲᠥᠯᠥᠪᠵᠢᠭᠦᠯᠵᠦ᠂ ᠠᠵᠠ ᠲᠤᠬᠢᠶᠠᠯ ᠢ ᠡᠵᠡᠮᠳᠠᠨ ᠠᠰᠢᠭᠯᠠᠵᠤ᠂ | ᠪᠤᠳᠤᠯᠲᠠ ᠶᠢᠨ ᠬᠦᠴᠦᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ︽ᠵᠣᠬᠢᠶᠠᠮᠠᠯ ᠣᠶᠤᠨ +︾ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ︽ᠲᠤᠭ᠎ᠠ ᠪᠠᠷᠢᠮᠲᠠ ᠶᠢᠨ | ᠡᠯᠧᠮᠧᠨ᠋ᠲ ×︾ ᠬᠡᠷᠡᠭᠯᠡᠭᠡᠨ ᠤ ᠦᠵᠡᠭᠳᠡᠯ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠣᠷᠣᠨ ᠪᠦᠰᠡ | ᠠᠯᠤᠰᠯᠠᠭᠰᠠᠨ ᠪᠤᠳᠤᠯᠲᠠ ᠶᠢᠨ ᠬᠦᠴᠦᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠲᠣᠭᠠᠴᠢᠯᠠᠭᠰᠠᠨ | ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ ᠪᠦᠷᠢᠨᠰᠢᠬᠦᠯᠵᠦ᠂ ᠪᠤᠳᠤᠯᠲᠠ ᠶᠢᠨ ᠬᠦᠴᠦᠨ ᠤ ᠠᠵᠤ | ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠬᠥᠭᠵᠢᠬᠦ ᠶᠢ ᠲᠦᠷᠭᠡᠳᠬᠡᠨ᠂ ᠨᠠᠩ ᠣᠯᠠᠨ | ᠴᠢᠨᠠᠷ ᠰᠠᠶᠢᠲᠠᠶ ᠪᠤᠳᠤᠯᠲᠠ ᠶᠢᠨ ᠬᠦᠴᠦᠨ ᠤ ᠲᠥᠷᠥᠯ ᠵᠦᠢᠯ ᠢ ᠨᠠᠶᠢᠳᠠᠪᠤᠷᠢᠵᠢᠭᠤᠯᠵᠤ᠂ ︽ᠲᠣᠭᠠᠴᠢᠯᠠᠭᠰᠠᠨ | ᠳᠤᠮᠳᠠᠳᠤ ᠤᠯᠤᠰ︾ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠪᠡ᠃ | ᠰᠤᠷᠪᠤᠯᠵᠢᠯᠠᠭᠴᠢ᠄ ᠶᠦᠨ ᠨᠠ ᠯᠦ ᠳ᠋ᠠᠨ | ᠤᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | | |