ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠬᠤ ᠶᠢᠨ | ᠲᠥᠯᠥᠭᠡ᠂ ᠤᠶᠢᠷ᠎ᠡ ᠶᠢᠨ ᠡᠳᠦᠷ᠂ ᠯᠢᠶᠠᠩᠴᠧᠩ ᠰᠢᠶᠠᠨ 2025 ᠣᠨ ᠤ ᠬᠠᠪᠤᠷ ᠤᠨ ᠤᠯᠠᠷᠢᠯ ᠤᠨ ᠠᠯᠪᠠᠨ | ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠶᠠᠨ ᠤ 20 ᠭᠠᠷᠤᠢ | ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠶᠢᠨ 500 ᠭᠠᠷᠤᠢ ᠺᠠᠳ᠋ᠷ ᠠᠵᠢᠯᠳᠠᠨ ᠡᠾᠸᠦ ᠱᠠᠨ ᠠᠮᠢ ᠠᠬᠤᠢ ᠶᠢᠨ | ᠬᠦᠷᠢᠶᠡᠯᠡᠩ ᠳᠤ ᠴᠤᠭᠯᠠᠷᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠬᠡ ᠭᠠᠵᠠᠷ ᠲᠤ ᠨᠣᠭᠤᠭᠠᠨ ᠥᠩᠭᠡ ᠨᠡᠮᠡᠷᠢᠯᠡᠵᠦ᠂ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠠᠮᠢᠵᠢᠷᠠᠯ ᠤᠨ ᠬᠦᠴᠦᠨ ᠤᠯᠭᠤᠪᠠ᠃ | 2025 ᠣᠨ ᠳᠤ᠂ ᠪᠥᠬᠦ ᠰᠢᠶᠠᠨ ᠤ ᠠᠯᠪᠠᠨ ᠵᠢᠷᠤᠮ ᠤᠨ ᠮᠣᠳᠣ ᠳᠠᠷᠢᠵᠤ ᠨᠣᠭᠤᠭᠠᠷᠠᠭᠤᠯᠵᠤ | ᠣᠶᠢᠵᠢᠭᠤᠯᠤᠭᠰᠠᠨ ᠲᠠᠯᠠᠪᠠᠶ ᠶᠢ 100 ᠭᠠᠷᠤᠶ ᠮᠥ ᠪᠡᠶᠡᠯᠡᠭᠦᠯᠵᠦ᠂ ᠨᠡᠶᠢᠲᠡ 6000 ᠭᠠᠷᠤᠶ ᠰᠠᠭᠤᠷᠢ ᠭᠠᠴᠤᠷ᠎ᠠ | ᠳᠠᠷᠢᠵᠤ᠂ ᠯᠢᠶᠠᠩᠴᠧᠩ ᠰᠢᠶᠠᠨ ᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠵᠦ᠂ ᠡᠬᠡ ᠤᠯᠤᠰ ᠤᠨ ᠪᠣᠬᠢᠷᠲᠤᠯ ᠥᠬᠡᠶ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ | ᠯᠢᠶᠠᠩᠴᠧᠩ ᠰᠢᠶᠠᠨ ︽ᠣᠶᠢᠵᠢᠭᠤᠯᠬᠤ ᠪᠠ ᠬᠠᠮᠢᠶᠠᠷᠬᠤ ᠶᠢ ᠤᠶᠠᠯᠳᠤᠭᠤᠯᠬᠤ᠂ ᠰᠢᠨᠵᠢᠯᠡᠬᠦ ᠤᠬᠠᠭᠠᠨᠴᠢ ᠪᠠᠷ | ᠨᠣᠭᠤᠭᠠᠷᠠᠭᠤᠯᠬᠤ︾ ᠵᠠᠷᠴᠢᠮ ᠢ ᠪᠠᠷᠢᠮᠲᠠᠯᠠᠵᠤ᠂ ᠤᠢᠢᠷ᠎ᠠ ᠶᠢᠨ ᠭᠤᠷᠪᠠᠨ ᠵᠢᠯ ᠳᠤ ᠨᠡᠶᠢᠳᠡ 3 ᠲᠦᠮᠡ ᠭᠠᠷᠤᠢ ᠮᠦ | ᠣᠶᠢᠵᠢᠭᠤᠯᠵᠤ ᠨᠣᠭᠤᠭᠠᠷᠠᠭᠤᠯᠬᠤ ᠶᠢ ᠪᠡᠶᠡᠯᠡᠭᠦᠯᠵᠦ᠂ ᠪᠦᠬᠦ ᠰᠢᠶᠠᠨ ᠤ ᠤᠢ ᠰᠢᠭᠤᠢ ᠶᠢᠨ ᠪᠦᠷᠬᠦᠴᠡ ᠶᠢᠨ ᠨᠤᠷᠮ᠎ᠠ | 35.17% ᠳᠤ ᠬᠦᠷᠴᠡᠢ᠃ ᠢᠷᠡᠭᠡᠳᠦᠢ ᠳᠤ᠂ ᠯᠢᠶᠠᠩᠴᠧᠩ ᠰᠢᠶᠠᠨ ᠠᠯᠪᠠᠨ ᠵᠢᠷᠤᠮ ᠤᠨ ᠮᠣᠳᠣ ᠲᠠᠷᠢᠬᠤ᠂ ᠤᠢ | ᠰᠢᠭᠤᠢ ᠶᠢ ᠪᠤᠶᠢᠵᠢᠭᠤᠯᠬᠤ᠂ ᠲᠠᠴᠢᠷᠳᠠᠭᠰᠠᠨ ᠤᠢ ᠶᠢ ᠰᠡᠷᠭᠦᠭᠡᠬᠦ ᠵᠡᠷᠭᠡ ᠠᠮᠢ ᠠᠬᠤᠢ ᠶᠢᠨ ᠪᠦᠳᠦᠭᠡᠨ | ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠪᠦᠬᠦ ᠨᠡᠶᠢᠭᠡᠮ ᠢᠶᠠᠷ ᠢᠶᠠᠨ ᠨᠣᠭᠤᠭᠠᠷᠠᠭᠤᠯᠬᠤ᠂ | ᠨᠣᠭᠤᠭᠠᠷᠠᠭᠤᠯᠤᠯᠲᠠ ᠶᠢ ᠬᠠᠮᠠᠭᠠᠯᠠᠬᠤ᠂ ᠨᠣᠭᠤᠭᠠᠷᠠᠭᠤᠯᠤᠯᠲᠠ ᠪᠠᠨ ᠬᠠᠶᠢᠷᠠᠯᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠶᠢ ᠴᠢᠨᠠᠷ ᠰᠠᠶᠢᠲᠠᠢ ᠬᠥᠭᠵᠢᠯᠲᠡ ᠶᠢᠨ ᠢᠯᠡ ᠲᠣᠳᠣ | ᠰᠠᠭᠤᠷᠢ ᠦᠩᠬᠡ ᠪᠣᠯᠭᠠᠨ᠎ᠠ᠃ | ᠤᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |