5 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ 4 ᠰᠠᠷ᠎ᠠ ᠶᠢᠨ 25 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ | ᠪᠣᠯᠤᠨ ᠠᠵᠤ ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ | ᠪᠦᠬᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠲᠤᠭᠤᠰᠢᠯᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢ ᠠᠳᠬᠤᠬᠤ᠂ ᠴᠢᠨᠠᠷ | ᠰᠠᠶᠢᠲᠠᠢ ᠬᠥᠭᠵᠢᠯᠲᠡ ᠶᠢ ᠲᠦᠷᠭᠡᠳᠬᠡᠬᠦ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠬᠤ ᠬᠡᠷᠡᠭᠲᠡᠢ᠃ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠭᠦᠨᠵᠡᠭᠡᠢ ᠪᠥᠭᠡᠳ ᠨᠡᠪᠲᠡᠷᠡᠲᠡᠯ᠎ᠡ ᠣᠶᠢᠯᠠᠭᠠᠵᠤ᠂ ᠲᠦᠷᠦ ᠶᠢᠨ | ᠪᠤᠳᠤᠯᠭ᠎ᠠ ᠶᠢ ᠭᠦᠢᠴᠡᠳ ᠬᠡᠷᠡᠭᠯᠡᠵᠦ᠂ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠶᠢ ᠴᠢᠩᠭᠠᠳᠬᠠᠵᠤ᠂ | ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠶᠠᠰᠤ ᠴᠢᠨᠠᠷ ᠦᠷ᠎ᠡ ᠠᠰᠢᠭ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠴᠢᠩᠭ᠎ᠠ ᠠᠳᠬᠤᠨ ᠲᠦᠷᠭᠡᠨ | ᠠᠵᠢᠯᠯᠠᠵᠤ ᠠᠵᠤ ᠠᠬᠤᠢ ᠶᠢᠨ ᠲᠣᠭᠲᠠᠭᠤᠨ ᠰᠠᠶᠢᠵᠢᠷᠠᠯᠲᠠ ᠶᠢ ᠠᠬᠢᠭᠤᠯᠬᠤ ᠬᠡᠷᠡᠭᠲᠡᠢ᠃ ᠬᠠᠷᠠᠯᠲᠠ ᠪᠠᠷ | ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂ ᠳᠤᠲᠠᠭᠤᠳᠠᠯ ᠢᠶᠠᠨ | ᠨᠥᠬᠦᠪᠥᠷᠢᠯᠡᠵᠦ᠂ ᠰᠢᠨ᠎ᠡ ᠡᠨᠧᠷᠭᠢ᠂ ᠲᠡᠮᠦᠷ ᠤᠨ ᠬᠠᠶᠢᠯᠤᠰᠢ᠂ ᠪᠤᠳᠤᠬᠤ ᠬᠦᠴᠦᠨ ᠵᠡᠷᠭᠡ ᠳᠠᠪᠠᠭᠤᠯᠢᠭ ᠠᠵᠤ | ᠦᠢᠯᠡᠰ ᠢ ᠬᠦᠴᠦᠯᠡᠨ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠪᠣᠬᠢᠷᠲᠤᠯ ᠥᠬᠡᠶ ᠤᠰᠤᠲᠥ᠋ᠷᠥᠭᠴᠢ᠂ ᠰᠢᠨ᠎ᠡ | ᠬᠡᠯᠪᠡᠷᠢ ᠶᠢᠨ ᠡᠨᠧᠷᠭᠢ ᠬᠠᠳᠠᠭᠠᠯᠠᠬᠤ᠂ ᠠᠭᠠᠷ ᠤᠨ ᠠᠵᠤ ᠠᠬᠤᠶ ᠵᠡᠷᠭᠡ ᠬᠦᠷᠢᠶᠡᠨ ᠳᠤ ᠠᠵᠤ ᠠᠬᠤᠶ ᠶᠢᠨ ᠰᠢᠨ᠎ᠡ | ᠨᠡᠮᠡᠭᠳᠡᠯ ᠤᠨ ᠴᠡᠭ ᠢ ᠴᠢᠷᠮᠠᠶᠢᠨ ᠪᠤᠶᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠡᠳ᠋ ᠤᠨ ᠵᠠᠰᠠᠭ ᠤᠨ ᠣᠷᠣᠯᠭ᠎ᠠ | ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ᠃ ᠡᠯ᠎ᠡ ᠱᠠᠲᠤᠨ ᠤ ᠬᠢᠨ | ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ | ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠳᠡᠭᠡᠷ᠎ᠡ ᠬᠠᠭᠠᠰ ᠵᠢᠯ ᠤᠨ ︽ᠬᠤᠣᠰ | ᠬᠠᠭᠠᠰ ᠢ ᠳᠠᠪᠠᠭ᠋ᠤ︾ ᠶᠢ ᠪᠡᠶᠡᠯᠡᠭᠦᠯᠬᠦ ᠶᠢ ᠪᠠᠲᠤᠯᠠᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ | ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠤᠨ ᠯᠢᠶᠣᠤ ᠶᠠᠩ ᠬᠤᠳᠠ ᠶᠢᠨ ᠴᠠᠭᠠᠨ | ᠰᠤᠪᠤᠷᠭ᠎ᠠ ᠲᠣᠭᠤᠷᠢᠭ ᠤᠨ ᠨᠢᠭᠡᠳᠦᠭᠡᠷ ᠵᠣᠴᠢᠳ ᠤᠨ ᠪᠠᠭᠤᠳᠠᠯ ᠤᠨ ᠭᠠᠯ ᠤᠨ ᠭᠠᠮᠰᠢᠭ ᠤᠨ ᠠᠳᠡᠯ᠂ ᠭᠦᠢᠵᠧᠦ ᠶᠢᠨ | ᠪᠢ ᠵᠢᠶᠧ ᠬᠤᠳᠠ ᠶᠢᠨ ᠴᠢᠶᠠᠨ ᠰᠢ ᠬᠤᠳᠠ ᠶᠢᠨ ᠵᠤᠭᠠᠴᠠᠯ ᠤᠨ ᠣᠩᠭᠤᠴᠠ ᠬᠥᠷᠬᠦ ᠠᠳᠡᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ | ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ | ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ | ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠵᠥᠪᠯᠡᠯ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠤᠨ ᠪᠦᠬᠦ ᠬᠤᠳᠠ ᠶᠢᠨ ᠨᠠᠮ ᠤᠨ | ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ | ᠳᠤᠷᠠᠳᠴᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | |