5 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ | ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ | ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠣᠶᠣᠯ ᠢᠶᠠᠷ ᠬᠥᠮᠦᠨ ᠢ | ᠬᠥᠮᠦᠵᠢᠭᠦᠯᠬᠦ ᠶᠢ ᠪᠠᠷᠢᠮᠲᠠᠯᠠᠵᠤ᠂ ︽ᠪᠦᠬᠦ ᠤᠯᠤᠰ ᠤᠨ ᠪᠣᠯᠪᠠᠰᠤᠨ ᠬᠤᠳᠠ︾ ᠶᠢᠨ ᠴᠣᠯᠠ ᠶᠢ ᠬᠦᠷᠲᠡᠭᠰᠡᠨ ᠢᠶᠠᠷ | ᠰᠢᠨ᠎ᠡ ᠭᠠᠷᠤᠭ᠎ᠠ ᠪᠣᠯᠭᠠᠵᠤ᠂ ᠬᠤᠳᠠ ᠬᠥᠳᠡᠭᠡ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠭᠤᠰᠤᠯᠴᠠᠨ | ᠬᠥᠭᠵᠢᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠤᠯᠠᠭᠠᠨᠴᠠᠪ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ | ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ | ᠤᠯᠤᠰ ᠤᠨ ᠪᠠᠭᠠᠴᠤᠳ ᠤᠨ ᠬᠤᠰᠢᠭᠤᠴᠢ ᠠᠩᠬᠢ ᠶᠢᠨ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠥᠭᠭᠦᠭᠰᠡᠨ ᠴᠢᠬᠤᠯᠠ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠠᠭᠠᠴᠤᠳ ᠬᠡᠦᠬᠡᠳ ᠪᠣᠯᠤᠨ ᠪᠠᠭᠠᠴᠤᠳ ᠤᠨ | ᠬᠤᠰᠢᠭᠤᠴᠢ ᠠᠩᠬᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠡᠪ ᠬᠠᠮᠲᠤ ᠶᠣᠰᠣᠨ ᠤ ᠵᠠᠯᠭᠠᠮᠵᠢᠯᠠᠭᠴᠢ ᠶᠢ ᠪᠤᠶᠢᠵᠢᠭᠤᠯᠬᠤ ᠦᠨᠳᠦᠰᠦᠨ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ᠂ ᠠᠩᠬᠢ ᠶᠢ ᠪᠠᠶᠢᠭᠤᠯᠬᠤ ᠶᠢ | ᠪᠠᠷᠢᠮᠲᠠᠯᠠᠵᠤ᠂ ᠬᠡᠦᠬᠡᠳ ᠤᠨ ᠦᠰᠦᠨ ᠪᠤᠶᠢᠵᠢᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠬᠦ ᠬᠡᠷᠡᠭᠲᠡᠢ | ᠭᠡᠵᠦ ᠴᠢᠬᠤᠯᠠᠴᠢᠯᠠᠪᠠ᠃ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠳᠣᠲᠣᠭᠠᠳᠤ ᠶᠢᠨ | ᠶᠡᠭᠡ ᠡᠷᠭᠢᠯᠲᠡ ᠶᠢᠨ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ | ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠦᠷᠭᠦᠯᠵᠢᠯᠡᠨ | ᠰᠠᠶᠢᠵᠢᠷᠠᠬᠤ ᠶᠢ ᠠᠬᠢᠭᠤᠯᠵᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ | ᠭᠡᠷ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠶᠤᠯᠭᠦᠢ | ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠨ | ᠵᠠᠰᠠᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠯᠠᠭᠠᠨ ᠱᠤᠭᠤᠮ ᠢ ᠡᠷᠡᠰ | ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ | ᠠᠵᠢᠯ ᠤᠨ ᠬᠠᠮᠢᠶ᠎ᠠ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠯᠭᠠᠯᠲᠠ ᠳᠤ ᠪᠡᠯᠡᠳᠬᠡᠬᠦ | ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ | ᠰᠢᠯᠭᠠᠯᠲᠠ ᠶᠢᠨ ᠶᠠᠪᠤᠳᠠᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠲᠦᠢᠯ ᠤᠨ ᠨᠠᠷᠢᠨ ᠬᠢᠨᠠᠮᠠᠭᠠᠶ ᠬᠠᠷᠢᠭᠤᠴᠠᠨ | ᠰᠠᠶᠢᠲᠤᠷ ᠬᠢᠵᠦ᠂ ᠠᠮᠤᠷ ᠲᠦᠪᠰᠢᠨ᠂ ᠰᠠᠨᠠᠭ᠎ᠠ ᠠᠮᠤᠷ᠂ ᠲᠠᠭᠠᠯᠠᠮᠵᠢᠲᠠᠶ ᠰᠢᠯᠭᠠᠯᠲᠠ ᠶᠢᠨ ᠣᠷᠴᠢᠨ ᠨᠥᠬᠦᠴᠡᠯ ᠢ | ᠬᠦᠴᠦᠯᠡᠨ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | |