5 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ | ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ | ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ︽ᠪᠥᠬᠦ ᠤᠯᠤᠰ ᠤᠨ ᠪᠣᠯᠪᠠᠰᠤᠨ ᠬᠤᠲᠠ︾ ᠶᠢᠨ ᠢᠷᠠᠭᠤ ᠠᠯᠳᠠᠷ ᠢ ᠬᠦᠷᠲᠡᠭᠰᠡᠨ ᠢᠶᠠᠷ ᠰᠢᠨ᠎ᠡ ᠭᠠᠷᠤᠭ᠎ᠠ ᠪᠣᠯᠭᠠᠵᠤ᠂ | ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠦᠨ | ᠳᠡᠭᠡᠭᠰᠢᠯᠡᠭᠦᠯᠵᠦ᠂ ᠪᠣᠯᠪᠠᠰᠤᠨ ᠢ ᠬᠥᠮᠦᠵᠢᠭᠦᠯᠬᠦ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ | ᠪᠠᠶᠢᠭᠤᠯᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠤᠲᠠ ᠶᠢᠨ ᠪᠦᠬᠦᠯᠢ ᠴᠣᠭᠴᠠ ᠶᠢᠨ ᠳᠦᠷᠰᠦ | ᠪᠠᠶᠢᠳᠠᠯ ᠪᠠ ᠬᠤᠲᠠ ᠶᠢᠨ ᠠᠷᠠᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠬᠦᠴᠦᠯᠡᠨ ᠰᠠᠶᠢᠵᠢᠷᠠᠭᠤᠯᠵᠤ᠂ ︽ | ᠪᠥᠬᠦ ᠤᠯᠤᠰ ᠤᠨ ᠪᠣᠯᠪᠠᠰᠤᠨ ᠬᠤᠲᠠ︾ ᠭᠡᠬᠦ ᠡᠨᠡ ᠬᠦ ︽ᠠᠯᠲᠠᠨ ᠦᠰᠦᠭᠲᠦ ᠫᠠᠶᠢᠰᠠ︾ ᠶᠢ ᠨᠠᠩ | ᠰᠠᠴᠤᠷᠠᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ | ᠴᠢᠬᠤᠯᠠ ᠵᠢᠭᠠᠪᠤᠷᠢ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ | ᠬᠤᠳᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ᠂ ᠵᠡᠮᠳᠡᠭᠴᠦᠳ ᠤᠨ ᠠᠵᠢᠯ ᠢ ᠰᠠᠶᠢᠲᠤᠷ ᠬᠢᠬᠦ ᠪᠠ ᠲᠥᠪ ᠤᠨ | ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠤᠬᠠᠢ | ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ᠂ ︽ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠠᠷᠪᠢᠯᠠᠨ ᠭᠠᠮᠨᠠᠵᠤ ᠪᠦᠷᠢᠯᠭᠡᠨ ᠰᠦᠢᠳᠭᠡᠬᠦ ᠶᠢ | ᠡᠰᠡᠷᠭᠦᠴᠡᠬᠦ ᠲᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ | ᠪᠤᠢ ᠪᠣᠯᠭᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠵᠤ᠂ ᠪᠦᠷᠢᠯᠭᠡᠨ ᠰᠦᠢᠳᠭᠡᠬᠦ ᠨᠢ ᠢᠴᠢᠭᠦᠷᠢᠲᠡᠢ᠂ ᠠᠷᠪᠢᠯᠠᠨ ᠭᠠᠮᠨᠠᠬᠤ ᠨᠢ ᠢᠷᠠᠭᠤ ᠠᠯᠳᠠᠷᠲᠠᠢ ᠠᠭᠤᠷ | ᠠᠮᠢᠰᠬᠤᠯ ᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ | ᠮᠠᠨ ᠤ ᠬᠤᠳᠠ ᠳᠤ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠪᠣᠯᠤᠨ ᠰᠢᠶᠠᠨ ᠤ ᠬᠡᠪᠴᠢᠶᠡᠨ ᠤ ᠠᠵᠤ | ᠠᠬᠤᠢ ᠶᠢᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠦᠬᠦᠭᠡᠷᠦᠮᠵᠢᠳᠤ ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ | ᠶᠡᠬᠡᠪᠡᠷ ᠬᠥᠭᠵᠢᠭᠦᠯᠵᠦ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠶᠢ ᠢᠳᠡᠪᠬᠢᠲᠡᠢ ᠳᠡᠯᠭᠡᠷᠡᠭᠦᠯᠵᠦ᠂ | ᠮᠠᠯᠴᠢᠨ ᠲᠠᠷᠢᠶᠠᠴᠢᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠢ᠃ ᠠᠵᠢᠯ ᠢᠶᠠᠨ ᠨᠢᠭᠡᠳᠦᠯᠲᠡᠢ | ᠲᠥᠯᠥᠪᠵᠢᠭᠦᠯᠬᠦ ᠶᠢ ᠴᠢᠩᠭᠠᠳᠬᠠᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠲᠠ᠂ ᠠᠶᠤᠯ ᠲᠦᠭᠰᠢᠭᠦᠷᠢ ᠶᠢ | ᠰᠡᠷᠭᠡᠶᠢᠯᠡᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ | ᠢᠮᠠᠭᠲᠠ ᠴᠢᠩᠭ᠎ᠠ ᠠᠳᠬᠤᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠢ ᠡᠷᠡᠰ ᠠᠷᠢᠯᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠨᠠᠷᠢᠨ | ᠪᠢᠴᠢᠭ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠱᠠᠲᠤᠨ ᠤ | ᠠᠯᠪᠠᠨ ᠭᠡᠷ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠦᠨᠡᠨᠴᠢ ᠰᠢᠳᠤᠷᠭᠤ ᠪᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠢ ᠰᠠᠨᠠᠭ᠎ᠠ ᠠᠮᠤᠷ᠂ ᠠᠷᠠᠳ ᠲᠦᠮᠡᠨ ᠢ ᠰᠡᠳᠬᠢᠯ ᠬᠠᠨᠤᠮᠵᠢᠲᠠᠢ | ᠪᠣᠯᠭᠠᠭᠰᠠᠨ ᠵᠢᠱᠢᠶᠡᠴᠢ ᠪᠠᠶᠢᠭᠤᠯᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |