ᠮᠠᠨ ᠤ ᠬᠤᠲᠠ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠳᠤ ᠬᠠᠮᠵᠢᠯᠴᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/5
     6 ᠰᠠᠷ᠎ᠠ ᠶᠢᠨ 3 ᠤ ᠡᠳᠦᠷ᠂ ᠮᠠᠨ ᠤ ᠬᠤᠲᠠ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠳᠤ ᠬᠠᠮᠵᠢᠯᠴᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠥᠪ ᠤᠨ ᠬᠤᠶᠠᠳᠤᠭᠠᠷ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠰᠢᠮᠳᠠᠭᠤᠯᠤᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢᠦ ᠬᠠᠶ ᠴᠢᠤᠸᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠠᠴᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠪᠣᠳᠠᠲᠠᠢ ᠦᠢᠯᠡᠳᠦᠯᠭᠡ ᠮᠥᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠶᠢ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠣᠳᠠᠲᠠᠢ ᠠᠵᠢᠯᠯᠠᠭ᠎ᠠ ᠪᠣᠯᠭᠠᠵᠤ᠂ ᠬᠠᠮᠵᠢᠯᠴᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢᠮᠳᠠᠭᠤᠯᠤᠨ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠡᠰᠡᠬᠦ ᠪᠠᠷ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠦᠨᠳᠦᠰᠦᠨ ᠦᠨᠡᠯᠡᠬᠦ ᠪᠠᠷᠢᠮᠵᠢᠶ᠎ᠠ ᠪᠣᠯᠭᠠᠵᠤ᠂ ᠪᠠᠶᠢᠴᠠᠭᠠᠨ ᠬᠠᠷᠭᠤᠭᠤᠯᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠲᠦᠷᠭᠡᠨ ᠰᠢᠢᠳᠪᠦᠷᠢᠯᠡᠵᠦ᠂ ᠮᠡᠳᠡᠭᠡ ᠵᠠᠩᠭᠢ ᠶᠢ ᠢᠯᠡ ᠪᠣᠯᠭᠠᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠶᠠᠪᠤᠳᠠᠯ ᠤᠨ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠶᠠᠪᠤᠳᠠᠯ ᠪᠦᠬᠦᠨ ᠳᠤ ᠬᠠᠷᠢᠭᠤ ᠥᠭᠴᠦ᠂ ᠶᠠᠪᠤᠳᠠᠯ ᠪᠦᠬᠦᠨ ᠳᠤ ᠦᠷ᠎ᠡ ᠳ᠋ᠦᠩ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠦᠵᠡᠰᠬᠦᠯᠡᠩᠲᠦ ᠰᠠᠶᠢᠬᠠᠨ ᠤᠯᠠᠭᠠᠨᠴᠠᠪ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                                 ᠣᠷᠴᠢᠭᠤᠯᠤᠭᠴᠢ᠄ ᠭᠤᠸ᠎ᠠ                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2